锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ᠤᠨ ᠳᠥᠷᠪᠡᠳᠦᠭᠡᠷ ᠲᠤᠭᠠᠳᠤ ᠠᠯᠪᠠᠨ ᠵᠠᠷᠯᠠᠯ
        ᠨᠡᠶᠢᠲᠡᠯᠡᠭᠰᠡᠨ ᠴᠠᠭ᠄
        2022/2/17
                                   ᠠᠯᠪᠠᠨ ᠵᠠᠷᠯᠠᠯ                         ︵ᠳᠥᠷᠪᠡᠳᠦᠭᠡᠷ ᠲᠤᠭᠠᠳᠤ︶      2022 ᠣᠨ ᠤ 2 ᠰᠠᠷ᠎ᠠ ᠶᠢᠨ 15 ᠤ ᠡᠳᠦᠷ᠂ ᠮᠠᠨᠵᠤᠤᠷ ᠬᠤᠲᠠ ᠳᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠪᠦᠭᠡᠮ ᠬᠦᠴᠢᠯ ᠤᠨ ᠪᠠᠶᠢᠴᠠᠭᠠᠯᠲᠠ ᠳᠤ 5 ᠠᠷᠭ᠎ᠠ ᠴᠢᠨᠠᠷ ᠲᠠᠢ ᠡᠪᠡᠳᠴᠢᠲᠡᠨ ᠢᠯᠡᠷᠡᠵᠡᠢ᠃ ᠮᠠᠨ ᠤᠨ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠤᠯᠠᠲᠠ᠂ ᠲᠤᠤᠷᠠᠬᠢ ᠪᠠᠴᠢᠮ ᠵᠠᠷᠯᠠᠯ ᠢ ᠨᠡᠶᠢᠲᠡᠯᠡᠪᠡ᠄      ᠨᠢᠭᠡ᠂ 14 ᠡᠳᠦᠷ ᠤᠨ ᠲᠤᠳᠤᠷ᠎ᠠ ᠮᠠᠨᠵᠤᠤᠷ ᠬᠤᠲᠠ ᠪᠤᠶᠤ ᠪᠤᠰᠤᠳ ᠬᠢᠵᠢᠭ ᠤᠨ ᠲᠤᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠳᠤ ᠠᠶᠠᠯᠠᠵᠤ ᠰᠠᠭᠤᠷᠢᠰᠢᠭᠰᠠᠨ ᠥᠩᠭᠡᠷᠡᠯᠲᠡ ᠲᠠᠢ ᠬᠦᠮᠦᠰ ᠬᠠᠷᠢᠶ᠎ᠠ ᠭᠠᠴᠠᠭ᠎ᠠ ᠨᠡᠶᠢᠭᠡᠮ ᠲᠣᠭᠤᠷᠢᠭ᠂ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠶᠤ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ︵ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠣᠭᠤᠶᠢᠯᠠᠩ᠄ 110᠂ 6224814︔ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠣᠭᠤᠶᠢᠯᠠᠩ᠄ 6222994᠂ 13884790901︔ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ᠄ 6222615᠂ 18647916553︔ ᠰᠢᠨᠡᠪᠤᠯᠠᠭ ᠪᠠᠯᠭᠠᠰᠤᠨ ᠤ ᠲᠤᠮᠢᠯᠠᠭᠰᠠᠨ ᠰᠠᠯᠪᠦᠷᠢ᠄ 6222221︔ ᠪᠠᠶᠠᠨᠲᠠᠯ᠎ᠠ ᠪᠠᠯᠭᠠᠰᠤᠨ ᠤ ᠲᠤᠮᠢᠯᠠᠭᠰᠠᠨ ᠰᠠᠯᠪᠦᠷᠢ᠄ 13947910948︔ ᠤᠩᠭᠤᠨ ᠠᠭᠤᠯᠠ ᠰᠣᠮᠣᠨ ᠤ ᠲᠤᠮᠢᠯᠠᠭᠰᠠᠨ ᠰᠠᠯᠪᠦᠷᠢ᠄ 13947950284︔ ᠪᠤᠭᠲᠠ ᠶᠢᠨ ᠭᠤᠣᠯ ᠰᠣᠮᠣᠨ ᠤ ᠲᠤᠮᠢᠯᠠᠭᠰᠠᠨ ᠰᠠᠯᠪᠦᠷᠢ᠄ 13947925042︔ ᠮᠠᠨᠳᠤᠯ᠎ᠠ ᠨᠡᠶᠢᠭᠡᠮ ᠲᠣᠭᠤᠷᠢᠭ᠄ 13947998086︔ ᠡᠷᠳᠡᠨᠢ ᠨᠡᠶᠢᠭᠡᠮ ᠲᠤᠭᠤᠷᠢᠭ᠄ 15148679866 ︔ ᠶᠢᠷᠭᠠᠢ ᠨᠡᠶᠢᠭᠡᠮ ᠲᠣᠭᠤᠷᠢᠭ᠄ 17604790106︔ ᠪᠤᠯᠠᠭ ᠨᠡᠶᠢᠭᠡᠮ ᠲᠣᠭᠤᠷᠢᠭ᠄ 15847966858 ︔ ᠴᠡᠩᠭᠡᠯ ᠨᠡᠶᠢᠭᠡᠮ ᠲᠤᠭᠤᠷᠢᠭ᠄ 13848593646︔ ᠬᠠᠰᠢᠶᠠᠲᠤ ᠨᠡᠶᠢᠭᠡᠮ ᠲᠤᠭᠤᠷᠢᠭ᠄ 13664793205︶ ᠪᠤᠶᠤ ᠰᠠᠭᠤᠭᠰᠠᠨ ᠪᠠᠭᠤᠳᠠᠯ ᠳᠠᠭᠠᠨ ᠪᠤᠳᠠᠳᠠᠢ ᠪᠠᠶᠢᠳᠠᠯ ᠢᠶᠠᠨ ᠮᠡᠳᠡᠬᠦᠯᠬᠦ ᠶᠢᠨ ᠬᠠᠮᠲᠤ᠂ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ᠲᠠᠢ ᠬᠠᠮᠵᠢᠯᠴᠠᠨ᠂ ᠪᠦᠭᠡᠮ ᠬᠦᠴᠢᠯ ᠤᠨ ᠪᠠᠶᠢᠴᠠᠭᠠᠯᠲᠠ ᠬᠢᠬᠦ ᠵᠢᠴᠢ ᠲᠤᠰᠠᠭᠠᠷᠯᠠᠨ ᠠᠵᠢᠭᠯᠠᠬᠤ ᠵᠡᠷᠭᠡ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ  ᠰᠠᠶᠢᠲᠤᠷ ᠨᠠᠶᠢᠳᠠᠪᠦᠷᠢᠵᠢᠭᠤᠯᠬᠤ ᠬᠡᠷᠡᠭᠳᠡᠢ᠃       ᠬᠤᠶᠠᠷ᠂ ᠬᠢᠵᠢᠭ ᠤᠨ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠪᠠ ᠬᠢᠵᠢᠭ ᠤᠨ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠳᠤ ᠪᠠᠶᠢᠭ᠎ᠠ ᠬᠤᠰᠢᠭᠤ ᠰᠢᠶᠠᠨ ︵ᠬᠤᠲᠠ᠂ ᠲᠤᠭᠤᠷᠢᠭ︶ ᠠᠴᠠ ᠮᠠᠨ ᠤ ᠬᠤᠰᠢᠭᠤᠨ ᠳᠤ ᠬᠠᠷᠢᠵᠤ ᠢᠷᠡᠭᠰᠡᠳ ᠲᠤ ︽14 ᠡᠳᠦᠷ ᠲᠥᠪᠯᠡᠷᠡᠬᠦᠯᠦᠨ ᠳᠤᠰᠠᠭᠠᠷᠯᠠᠯᠲᠠ ᠬᠢᠬᠦ + 5 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ ︵ᠲᠤᠰᠠᠭᠠᠷᠯᠠᠬᠤ ᠴᠠᠭ ᠢ ᠬᠤᠰᠢᠭᠤᠨ ᠳᠤ ᠢᠷᠡᠭᠰᠡᠨ ᠬᠤᠶᠠᠳᠡᠬᠢ ᠡᠳᠦᠷ ᠠᠴᠠ ᠡᠬᠢᠯᠡᠵᠦ ᠪᠤᠳᠤᠨ᠎ᠠ︶᠂ ᠬᠢᠵᠢᠭ ᠤᠨ ᠲᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ ᠪᠠ ᠬᠢᠵᠢᠭ ᠤᠨ ᠲᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ ᠳᠤ ᠪᠠᠶᠢᠭ᠎ᠠ ᠬᠤᠰᠢᠭᠤ ᠰᠢᠶᠠᠨ ︵ᠬᠤᠲᠠ᠂ ᠲᠤᠭᠤᠷᠢᠭ︶ ᠠᠴᠠ ᠮᠠᠨ ᠤ ᠬᠤᠰᠢᠭᠤᠨ ᠳᠤ ᠬᠠᠷᠢᠵᠤ ᠢᠷᠡᠭᠰᠡᠳ ᠲᠤ ︽14 ᠡᠳᠦᠷ ᠭᠡᠷ ᠲᠤᠨᠢ ᠲᠤᠰᠠᠭᠠᠷᠯᠠᠯᠲᠠ ᠬᠢᠬᠦ + 5 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ ︵ᠭᠡᠷ ᠲᠡᠭᠡᠨ ᠲᠤᠰᠠᠭᠠᠷᠯᠠᠬᠤ ᠨᠦᠬᠦᠴᠡᠯ ᠢ ᠪᠦᠷᠢᠯᠳᠦᠬᠦᠯᠵᠦ ᠴᠢᠳᠠᠬᠤ ᠦᠬᠡᠢ ᠬᠦᠮᠦᠰ ᠢ ᠴᠥᠮ ᠲᠥᠪᠯᠡᠷᠡᠬᠦᠯᠦᠨ ᠲᠤᠰᠠᠭᠠᠷᠯᠠᠨ᠎ᠠ︶᠂ ᠠᠵᠢᠭᠯᠠᠯᠲᠠ ᠶᠢᠨ 1  ᠂ 4  ᠂ 7  ᠂ 10᠂ 14  ᠳ᠋ᠦ᠋ᠭᠡᠷ ᠡᠳᠦᠷ ᠲᠤ ᠲᠤᠰᠪᠦᠷᠢ ᠨᠢᠭᠡ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠨ᠎ᠡ᠃       ᠭᠤᠷᠪᠠ᠂ ᠲᠤᠰ ᠡᠳᠦᠷ ᠠᠴᠠ ᠡᠬᠢᠯᠡᠨ᠂ ᠮᠠᠨᠵᠤᠤᠷ ᠬᠤᠲᠠ ᠠᠴᠠ ᠮᠠᠨ ᠤ ᠬᠤᠰᠢᠭᠤᠨ ᠳᠤ ᠬᠠᠷᠢᠵᠤ ᠢᠷᠡᠭᠰᠡᠳ ᠲᠤ ᠡᠷᠬᠡᠪᠰᠢ ︽14 ᠡᠳᠦᠷ ᠲᠥᠪᠯᠡᠷᠡᠬᠦᠯᠦᠨ ᠳᠤᠰᠠᠭᠠᠷᠯᠠᠯᠲᠠ ᠬᠢᠬᠦ + 5 ᠤᠳᠠᠭ᠎ᠠ ᠪᠦᠭᠡᠮ ᠬᠦᠴᠢᠯ  ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠎ᠡ᠃ ᠮᠠᠨᠵᠤᠤᠷ ᠬᠤᠲᠠ ᠠᠴᠠ ᠮᠠᠨ ᠤ ᠬᠤᠰᠢᠭᠤᠨ ᠳᠤ ᠬᠠᠷᠢᠵᠤ ᠢᠷᠡᠭᠡᠳ 14 ᠡᠳᠦᠷ ᠪᠤᠯᠤᠭ᠎ᠠ ᠦᠭᠡᠢ ᠬᠦᠮᠦᠰ ᠢ ᠲᠥᠪᠯᠡᠷᠡᠬᠦᠯᠦᠨ ᠲᠤᠰᠠᠭᠠᠷᠯᠠᠵᠤ᠂ ᠬᠠᠷᠢᠵᠤ ᠢᠷᠡᠭᠡᠳ ᠨᠢᠭᠡᠨᠲᠡ  14 ᠡᠳᠦᠷ ᠪᠤᠯᠤᠭᠰᠠᠨ ᠪᠠᠶᠢᠪᠠᠯ ᠲᠠᠬᠢᠵᠤ ᠲᠥᠪᠯᠡᠷᠡᠬᠦᠯᠦᠨ ᠲᠤᠰᠠᠭᠠᠷᠯᠠᠬᠤ ᠦᠭᠡᠢ᠂ 24 ᠴᠠᠭ ᠤᠨ ᠳᠤᠳᠤᠷ᠎ᠠ ᠬᠤᠰᠢᠭᠤ ᠡᠪᠡᠳᠴᠢᠨ ᠬᠢᠵᠢᠭ ᠢ  ᠰᠡᠷᠭᠡᠶᠢᠯᠡᠬᠦ ᠲᠥᠪ ᠲᠤ ᠬᠦᠷᠴᠦ ᠨᠢᠭᠡ ᠤᠳᠠᠭ᠎ᠠ ᠶᠢᠨ ᠦᠨ᠎ᠡ ᠲᠦᠯᠦᠪᠦᠷᠢ ᠦᠭᠡᠢ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠪᠠᠶᠢᠴᠠᠭᠠᠯᠲᠠ ᠶᠢᠨ ᠳ᠋ᠦᠩ ᠢᠶᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ ︵ᠪᠠᠶᠢᠭᠤᠯᠭ᠎ᠠ ᠨᠢᠭᠡᠴᠡ ᠳᠤ ᠠᠵᠢᠯᠯᠠᠵᠤ ᠪᠠᠶᠢᠪᠠᠯ ᠪᠠᠶᠢᠭᠤᠯᠭ᠎ᠠ ᠨᠢᠭᠡᠴᠡ ᠳᠡᠭᠡᠨ ᠮᠡᠳᠡᠬᠦᠯᠦᠨ᠎ᠡ︶ ᠲᠡᠭᠡᠨ ᠮᠡᠳᠡᠬᠦᠯᠦᠨ᠎ᠡ᠃ ᠲᠦᠪᠯᠡᠷᠡᠬᠦᠯᠦᠨ ᠲᠤᠰᠠᠭᠠᠷᠯᠠᠬᠤ ᠬᠤᠭᠤᠴᠠᠭ᠎ᠠ ᠲᠠᠭᠤᠰᠤᠭᠰᠠᠨ ᠤ ᠲᠠᠷᠠᠭ᠎ᠠ ᠦᠷᠬᠦᠯᠵᠢᠯᠡᠨ ᠡᠷᠡᠬᠦᠯ ᠮᠡᠨᠳᠦ ᠶᠢᠨ ᠬᠢᠨᠡᠨ ᠪᠠᠶᠢᠴᠠᠭᠠᠯᠲᠠ ᠶᠢ ᠰᠠᠶᠢᠳᠤᠷ ᠬᠢᠵᠤ᠂ ᠠᠯᠢ ᠴᠢᠳᠠᠬᠤ ᠪᠠᠷ ᠭᠠᠳᠠᠭᠰᠢ ᠭᠠᠷᠬᠤ ᠦᠭᠡᠢ ᠪᠠᠶᠢᠵᠤ᠂ ᠣᠯᠠᠨ ᠨᠡᠶᠢᠲᠡ ᠶᠢᠨ ᠴᠤᠭᠯᠠᠷᠠᠯ ᠤᠨ ᠴᠢᠨᠠᠷᠲᠠᠢ ᠬᠦᠳᠡᠯᠭᠡᠭᠡᠨ ᠳᠤ ᠣᠷᠤᠯᠴᠠᠵᠤ ᠪᠤᠯᠬᠤ ᠦᠭᠡᠢ᠃       ᠲᠦᠷᠪᠡ᠂ ᠡᠯ᠎ᠡ ᠰᠣᠮᠣ ᠪᠠᠯᠭᠠᠰᠤ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ ᠵᠤᠴᠢᠳ ᠤᠨ ᠪᠠᠭᠤᠳᠠᠯ ᠨᠢ 14 ᠡᠳᠦᠷ ᠤᠨ ᠳᠤᠳᠤᠷ᠎ᠠ ᠮᠠᠨᠵᠤᠤᠷ ᠬᠤᠲᠠ ᠪᠤᠶᠤ ᠪᠤᠰᠤᠳ ᠬᠢᠵᠢᠭ ᠤᠨ ᠲᠤᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠮᠠᠨ ᠤ ᠬᠤᠰᠢᠭᠤᠨ ᠳᠤ ᠬᠠᠷᠢᠵᠤ ᠢᠷᠡᠭᠰᠡᠳ ᠢ ᠪᠠᠶᠢᠴᠠᠭᠠᠨ ᠳᠠᠩᠰᠠᠯᠠᠬᠤ ᠠᠵᠢᠯ ᠢ ᠲᠠᠷᠤᠶᠢᠬᠠᠨ ᠥᠷᠨᠢᠬᠦᠯᠬᠦ ᠶᠢᠨ ᠬᠠᠮᠲᠤ ᠬᠤᠯᠪᠤᠭᠳᠠᠯ ᠪᠦᠬᠦᠢ ᠰᠣᠷᠠᠭ ᠵᠠᠩᠬᠢ ᠶᠢ ᠬᠤᠰᠢᠭᠤ ᠵᠢᠯᠦᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠳᠤ ᠴᠠᠭ ᠲᠤᠬᠠᠢ ᠳᠤᠨᠢ ᠮᠡᠳᠡᠬᠦᠯᠬᠦ ᠬᠡᠷᠡᠭᠳᠡᠢ᠃ ᠨᠢᠰᠭᠡᠯ ᠤᠨ ᠪᠠᠭᠤᠳᠠᠯ᠂ ᠲᠡᠷᠭᠡᠨ ᠦᠷᠲᠡᠭᠡ᠂ ᠡᠯ᠎ᠡ ᠪᠠᠶᠢᠴᠠᠭᠠᠬᠤ ᠥᠷᠲᠡᠭᠡ ᠨᠢ ᠭᠠᠳᠠᠨ᠎ᠠ ᠠᠴᠠ ᠢᠷᠡᠭᠰᠡᠨ ᠬᠦᠮᠦᠨ ᠪᠠ ᠲᠡᠷᠭᠡ ᠤᠨᠤᠭ᠎ᠠ ᠶᠢ ᠴᠢᠩᠭ᠎ᠠ ᠪᠠᠶᠢᠴᠠᠭᠠᠵᠤ᠂ ᠨᠢᠭᠡ ᠶᠢ ᠴᠤ ᠣᠷᠬᠢᠭᠳᠠᠭᠤᠯᠬᠤ ᠦᠭᠡᠢ ᠪᠠᠶᠢᠬᠤ ᠶᠢ ᠪᠠᠳᠤᠯᠠᠬᠤ ᠬᠡᠷᠡᠭᠳᠡᠢ᠃       ᠲᠠᠪᠤ᠂ 2 ᠰᠠᠷ᠎ᠠ ᠶᠢᠨ 15 ᠤ ᠡᠳᠦᠷ ᠤ 8 ᠴᠠᠭ ᠠᠴᠠ ᠡᠬᠢᠯᠡᠨ᠂ ᠮᠠᠨᠵᠤᠤᠷ ᠬᠤᠲᠠ ᠶᠢᠨ ᠡᠯ᠎ᠡ ᠵᠠᠮ ᠱᠣᠭᠤᠮ ᠪᠠ ᠬᠤᠲᠠ ᠲᠤᠭᠤᠷᠢᠭ ᠤᠨ ᠣᠷᠤᠵᠤ ᠭᠠᠷᠬᠤ ᠭᠠᠵᠠᠷ ᠲᠤ ᠴᠢᠩᠭ᠎ᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠥᠷᠢᠮ ᠢ ᠬᠡᠷᠡᠭᠵᠢᠬᠦᠯᠪᠡ᠃ ᠣᠷᠴᠢᠮ ᠤᠨ ᠡᠳᠦᠷ᠂ ᠦᠷᠭᠡᠨ ᠣᠯᠠᠨ ᠲᠥᠮᠡᠨ ᠮᠠᠨᠵᠤᠤᠷ ᠬᠤᠲᠠ ᠳᠤ ᠣᠴᠢᠬᠤ ᠠᠴᠠ ᠲᠠᠲᠠᠭᠠᠯᠵᠠᠭᠠᠷᠠᠢ᠃       ᠵᠢᠷᠭᠤᠭ᠎ᠠ᠂ ᠬᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠲᠠᠬᠤ᠂ ᠨᠢᠰᠤ ᠭᠤᠭᠤᠵᠢᠬᠤ᠂ ᠬᠤᠭᠤᠯᠠᠢ ᠡᠪᠡᠳᠬᠦ ᠂ ᠦᠨᠦᠷᠯᠡᠬᠦ ︵ᠠᠮᠲᠠᠯᠠᠬᠤ︶ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠢᠯᠡᠷᠡᠯ ᠭᠠᠷᠪᠠᠯ᠂ ᠳᠠᠷᠤᠶᠢᠬᠠᠨ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠬᠦᠳᠡᠨ ᠡᠮᠨᠡᠯᠭᠡ ︵ᠬᠠᠶ᠋ᠢᠭ᠄ ᠰᠢᠨᠡᠪᠤᠯᠠᠭ ᠪᠠᠯᠭᠠᠰᠤᠨ ᠤ ᠬᠤᠩᠭᠤᠷ ᠵᠡᠭᠡᠯᠢ ᠶᠢᠨ ᠪᠠᠷᠠᠭᠤᠨ ᠵᠠᠬ᠎ᠠ ᠳᠤ︶ ᠳᠤ ᠬᠦᠷᠴᠦ ᠪᠠᠶᠢᠴᠠᠭᠠᠨ ᠡᠮᠴᠢᠯᠡᠬᠦᠯᠬᠦ ᠶᠢᠨ ᠬᠠᠮᠲᠤ ᠡᠮᠴᠢ ᠳᠤ ᠦᠪᠡᠷ ᠤᠨ ᠠᠶᠠᠯᠠᠵᠤ ᠰᠠᠭᠤᠷᠢᠰᠢᠭᠰᠠᠨ ᠪᠠᠶᠢᠳᠠᠯ᠂ ᠠᠵᠢᠯᠠᠭᠠᠨ ᠤ ᠵᠠᠮ ᠮᠦᠷ ᠢᠶᠠᠨ ᠦᠨᠡᠨ ᠪᠤᠳᠠᠳᠠᠢ ᠪᠠᠷ ᠮᠡᠳᠡᠬᠦᠯᠬᠦ ᠬᠡᠷᠡᠭᠳᠡᠢ᠃ ᠡᠮᠴᠢᠯᠡᠬᠦᠯᠬᠦ ᠶᠠᠪᠤᠴᠠ ᠳᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠬᠡᠷᠡᠭᠯᠡᠬᠦ ᠠᠴᠠ ᠵᠠᠶᠢᠯᠠᠰᠬᠢᠵᠤ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠳᠤᠷ ᠬᠢᠬᠦ ᠬᠡᠷᠡᠭᠳᠡᠢ᠃                      ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ                 ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                              2022 ᠤᠨ ᠤ 2 ᠰᠠᠷ᠎ᠠ ᠶᠢᠨ 15 ᠤ ᠡᠳᠦᠷ
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号