5 ᠰᠠᠷ᠎ᠠ ᠶᠢᠨ 18 ᠤ ᠡᠳᠦᠷ᠂ ︽ᠴᠠᠬᠠᠷ ᠠᠷᠠᠳ ᠤᠨ ᠠᠮᠠᠨ ᠵᠤᠬᠢᠶᠠᠯ ᠤᠨ ᠴᠢᠭᠤᠯᠭᠠᠨ︾ ᠨᠤᠮ ᠢ | ᠮᠢᠯᠢᠶᠠᠨ ᠳᠠᠷᠬᠠᠭᠠᠬᠤ ᠶᠤᠰᠤᠯᠠᠯ ᠬᠦᠪᠡᠭᠡᠲᠦ ᠰᠢᠷ᠎ᠠ ᠬᠤᠰᠢᠭᠤᠨ ᠳᠤ ᠶᠠᠪᠤᠭᠳᠠᠵᠤ᠂ ᠵᠤᠬᠢᠶᠠᠭᠴᠢ ᠴᠤ᠋᠂ | ᠭᠡᠷᠡᠯᠪᠠᠭᠠᠲᠤᠷ ᠤᠨ ᠡᠮᠬᠢᠳᠬᠡᠨ ᠨᠠᠶᠢᠷᠠᠭᠤᠯᠤᠭᠰᠠᠨ ︽ᠴᠠᠬᠠᠷ ᠠᠷᠠᠳ ᠤᠨ ᠠᠮᠠᠨ ᠵᠤᠬᠢᠶᠠᠯ ᠤᠨ ᠴᠢᠭᠤᠯᠭᠠᠨ︾ ᠨᠤᠮ | ᠢ ᠮᠢᠯᠢᠶᠠᠨ ᠳᠠᠷᠬᠠᠭᠠᠵᠤ ᠤᠩᠰᠢᠭᠴᠢᠳ ᠲᠠᠢ ᠵᠤᠯᠭᠠᠭᠤᠯᠵᠠᠢ᠃ | ︽ᠴᠠᠬᠠᠷ ᠠᠷᠠᠳ ᠤᠨ ᠠᠮᠠᠨ ᠵᠤᠬᠢᠶᠠᠯ ᠤᠨ ᠴᠢᠭᠤᠯᠭᠠᠨ︾ ᠨᠢ ︽ᠠᠮᠠᠨ ᠦᠯᠢᠭᠡᠷ︾᠂ ︽ᠠᠷᠠᠳ | ᠤᠨ ᠳᠠᠭᠤᠤ︾᠂ ︽ᠢᠷᠦᠭᠡᠯ ᠮᠠᠭᠳᠠᠭᠠᠯ︾᠂ ︽ᠵᠦᠢᠷ ᠰᠡᠴᠡᠨ ᠦᠭᠡ︾᠂ ︽ᠠᠮᠠᠨ ᠤᠨᠢᠰᠤᠭ᠎ᠠ︾ ᠵᠡᠷᠭᠡ | ᠲᠠᠪᠤᠨ ᠨᠤᠮ ᠢᠶᠠᠷ ᠪᠦᠷᠢᠯᠳᠦᠵᠤ᠂ ᠴᠠᠬᠠᠷ ᠤᠨᠴᠠᠯᠢᠭ ᠰᠢᠨᠵᠢ᠂ ᠦᠩᠭᠡ ᠪᠤᠳᠤᠭ ᠢᠶᠠᠷ ᠳᠤᠳᠤᠬᠠᠨ ᠪᠠᠶᠢᠵᠤ᠂ | ᠠᠷᠠᠳ ᠤᠨ ᠠᠮᠠᠨ ᠵᠤᠬᠢᠶᠠᠯ ᠤᠨ ᠡᠯᠪᠡᠭ ᠪᠠᠶᠠᠯᠢᠭ ᠠᠭᠤᠯᠭ᠎ᠠ ᠬᠡᠯᠪᠡᠷᠢ ᠶᠢ ᠬᠠᠮᠤᠷᠴᠦ᠂ ᠠᠷᠠᠳ ᠤᠨ ᠠᠮᠠᠨ ᠵᠤᠬᠢᠶᠠᠯ | ᠪᠦᠲᠦᠭᠡᠯ ᠤᠨ ᠲᠡᠤᠬᠡᠨ ᠤᠭ ᠶᠠᠩᠵᠤ ᠬᠡᠯᠪᠡᠷᠢ᠂ ᠤᠨᠴᠠᠯᠢᠭ ᠰᠢᠨᠵᠢ ᠶᠢ ᠬᠠᠳᠠᠭᠠᠯᠠᠭᠰᠠᠨ ᠪᠠᠶᠢᠨ᠎ᠠ᠃ ᠤᠶᠢᠷ᠎ᠠ ᠶᠢᠨ | ᠵᠢᠯ ᠠᠴᠠ ᠬᠦᠪᠡᠭᠡᠲᠦ ᠰᠢᠷ᠎ᠠ ᠬᠤᠰᠢᠭᠤᠨ ᠤ ᠵᠤᠬᠢᠶᠠᠯᠴᠢ ᠪᠦᠲᠦᠭᠡᠯᠴᠢᠳ ᠨᠢ ᠠᠷᠠᠳ ᠲᠦᠮᠡᠨ ᠢᠶᠠᠷ ᠭᠤᠤᠯ | ᠪᠤᠯᠭᠠᠭᠰᠠᠨ ᠵᠤᠬᠢᠶᠠᠨ ᠪᠦᠲᠦᠭᠡᠬᠦ ᠵᠢᠯᠤᠭᠤᠳᠤᠮᠵᠢ ᠶᠢ ᠪᠠᠷᠢᠮᠲᠠᠯᠠᠵᠤ᠂ ᠠᠷᠠᠳ ᠤᠯᠠᠨ ᠤ ᠰᠤᠶᠤᠯ ᠤᠨ ᠱᠠᠭᠠᠷᠳᠠᠯᠭ᠎ᠠ | ᠶᠢ ᠬᠠᠩᠭᠠᠬᠤ ᠪᠠᠷ ᠵᠤᠷᠢᠯᠭ᠎ᠠ ᠪᠤᠯᠭᠠᠨ᠂ ᠵᠦᠪ ᠤᠨᠤᠪᠴᠢᠲᠠᠢ ᠰᠤᠶᠤᠯ ᠤᠷᠠᠯᠢᠭ ᠤᠨ ᠵᠤᠬᠢᠶᠠᠨ ᠪᠦᠲᠦᠭᠡᠬᠦ ᠴᠢᠭᠯᠡᠯ | ᠢᠶᠠᠷ ᠰᠢᠨ᠎ᠡ ᠴᠠᠭ ᠦᠶ᠎ᠡ ᠶᠢᠨ ᠵᠤᠷᠢᠭ ᠰᠠᠨᠠᠭ᠎ᠠ ᠶᠢ ᠬᠠᠷᠠᠭᠤᠯᠤᠭᠰᠠᠨ ᠠᠯᠢ ᠤᠯᠠᠨ ᠰᠢᠯᠢᠳᠡᠭ ᠵᠤᠬᠢᠶᠠᠯ ᠪᠦᠲᠦᠭᠡᠯ ᠢ | ᠲᠤᠭᠤᠷᠪᠢᠭᠰᠠᠨ ᠪᠠᠶᠢᠨ᠎ᠠ᠃ |