锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠠᠵᠢᠯᠴᠢ ᠬᠥᠳᠡᠯᠮᠦᠷᠢᠴᠢ ᠪᠠᠷ ᠪᠠᠶᠠᠵᠢᠯ ᠤᠨ ᠵᠠᠮ ᠢᠶᠠᠷ ᠵᠠᠮᠨᠠᠠ ᠦᠨᠳᠦᠰᠦᠲᠡᠨ ᠤᠪᠦᠯᠬᠦᠮᠳᠡᠯ ᠤᠨ ᠳᠠᠭᠤᠤ ᠶᠢ ᠬᠠᠨᠭ᠍ᠬᠢᠨᠠᠭᠤᠯᠵᠤ ᠶᠠᠪᠤᠭ᠎ᠠ ᠤᠶᠤᠳᠠᠯᠴᠢᠠ ᠡᠷᠳᠡᠨᠢᠴ᠊
        ᠨᠡᠶᠢᠲᠡᠯᠡᠭᠰᠡᠨ ᠴᠠᠭ᠄
        2022/5/23
               ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠤᠮᠤᠨ ᠤ ᠡᠬᠢᠨ ᠤᠰᠤ ᠭᠠᠴᠠᠭᠠᠨ ᠤ ᠮᠠᠯᠴᠢᠨ ᠡᠷᠳᠡᠨᠢᠴᠢᠮᠡᠭ ᠪᠣᠯ ᠬᠠᠷᠠᠬᠠᠨ ᠪᠠᠭ᠎ᠠ ᠠᠴᠠ ᠪᠠᠨ ᠠᠬᠠᠮᠠᠤᠠ ᠢᠶᠠᠨ ᠳᠠᠭᠠᠵᠤ ᠦᠨᠳᠦᠰᠦᠲᠡᠨ ᠤ ᠬᠤᠪᠴᠠᠰᠤ ᠵᠠᠰᠠᠯ ᠤᠨ ᠣᠶᠣᠳᠠᠯ ᠤᠨ ᠮᠡᠷᠭᠡᠵᠢᠯ ᠢ ᠰᠤᠷᠤᠠᠠᠰᠠᠠ ᠤᠷᠠᠠ ᠤᠶᠤᠳᠠᠯᠴᠢᠠ ᠤ ᠨᠢᠭᠡ ᠶᠤᠮ᠃ ᠣᠳᠣ ᠡᠷᠳᠡᠨᠢᠴᠢᠮᠡᠭ ᠬᠥᠪᠡᠭᠡᠲᠦ ᠰᠢᠷ᠎ᠠ ᠬᠤᠰᠢᠭᠤᠨ ᠤ ᠨᠣᠭᠤᠭᠠᠨ ᠪᠤᠯᠠᠭ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠵᠠᠬᠢᠷᠤᠯ ᠢᠶᠠᠷ ᠠᠵᠢᠯᠯᠠᠵᠤ ᠪᠠᠶᠢᠬᠤ ᠪᠥᠭᠡᠳ ᠬᠥᠪᠡᠭᠡᠲᠦ ᠰᠢᠷ᠎ᠠ ᠬᠤᠰᠢᠭᠤᠨ ᠤ ᠲᠤᠷᠭᠠᠨ ᠴᠠᠬᠠᠷ ᠮᠣᠩᠭᠤᠯ ᠬᠤᠪᠴᠠᠰᠤ ᠵᠠᠰᠠᠯ ᠤᠨ ᠨᠡᠶᠢᠭᠡᠮᠯᠢᠭ ᠤᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠠ ᠤ ᠲᠡᠰ ᠤᠨ ᠪᠤᠳᠠᠰ ᠤᠨ ᠪᠤᠰᠤ ᠰᠣᠶᠣᠯ ᠤᠨ ᠥᠪ ᠤᠨ ᠴᠠᠬᠠᠷ ᠬᠤᠪᠴᠠᠰᠤ ᠵᠠᠰᠠᠯ ᠤᠨ ᠲᠦᠯᠦᠭᠡᠯᠡᠭᠴᠢ ᠵᠠᠯᠭᠠᠮᠵᠢᠯᠠᠭᠴᠢ ᠶᠢᠨ ᠨᠢᠭᠡ ᠪᠤᠯᠬᠤ ᠶᠤᠮ᠃        ᠡᠷᠳᠡᠨᠢᠴᠢᠮᠡᠭ ᠶᠢᠨ ᠭᠡᠷ ᠪᠦᠯᠢ ᠪᠣᠯ ᠦᠨᠳᠦᠰᠦᠲᠡᠨ ᠤ ᠪᠦᠯᠬᠦᠮᠳᠡᠯ ᠤᠨ ᠨᠡᠶᠢᠲᠡᠯᠢᠭ ᠭᠡᠷ ᠪᠦᠯᠢ ᠪᠠᠶᠢᠵᠤ᠂ ᠲᠡᠷᠡ ᠥᠪᠡᠷ ᠢᠶᠠᠨ ᠮᠣᠩᠭᠤᠯ ᠦᠨᠳᠦᠰᠦᠲᠡᠨ᠂ ᠲᠡᠭᠦᠨ ᠤ ᠨᠦᠭᠦᠷ ᠨᠢ ᠬᠢᠲᠠᠳ ᠦᠨᠳᠦᠰᠦᠲᠡᠨ ᠬᠤᠶᠠᠭᠤᠯᠠ ᠴᠢᠯᠥᠭᠡᠲᠡᠶ ᠢᠨᠠᠭᠯᠠᠵᠤ ᠠᠶᠢᠯ ᠭᠡᠷ ᠪᠠᠶᠢᠭᠤᠯᠤᠠ᠂ ᠠᠮᠢᠳᠤᠷᠠᠯ ᠤᠨ ᠳᠤᠮᠳᠠ ᠬᠠᠷᠢᠯᠴᠠᠨ ᠬᠠᠷᠠᠭᠠᠯᠵᠠᠠ᠂ ᠠᠵᠢᠯ ᠦᠢᠯᠡᠰ ᠤᠨ ᠲᠠᠯ᠎ᠠ ᠪᠠᠷ ᠬᠠᠷᠢᠯᠴᠠᠨ ᠲᠡᠮᠵᠢᠵᠤ᠂  ᠤᠯᠠᠠ ᠵᠢᠯ ᠢ ᠬᠠᠮᠳᠥ ᠪᠠᠷ ᠲᠤᠭᠤᠯᠵᠤ ᠢᠷᠡᠵᠡᠢ᠃ 2004 ᠣᠨ ᠳᠤ ᠬᠥᠬᠡᠬᠤᠲᠠ ᠳᠤ ᠦᠨᠳᠦᠰᠦᠲᠡᠨ ᠤ ᠬᠤᠪᠴᠠᠰᠤ ᠵᠠᠰᠠᠯ ᠣᠶᠣᠬᠤ ᠳᠡᠯᠭᠡᠭᠦᠷ ᠡᠵᠡᠩᠨᠡᠵᠦ ᠪᠠᠶᠢᠭᠰᠠᠨ ᠡᠷᠳᠡᠨᠢᠴᠢᠮᠡᠭ ᠨᠥᠬᠦᠷ ᠲᠠᠢ ᠪᠠᠨ ᠬᠠᠮᠲᠤ ᠥᠪᠡᠷ ᠤᠨ ᠬᠦᠴᠦᠨ ᠳᠡᠭᠡᠨ ᠲᠦᠰᠢᠭᠯᠡᠨ ᠦᠢᠯᠡᠰ ᠪᠦᠲᠦᠭᠡᠬᠦ ᠡᠷᠡᠰ ᠵᠣᠷᠢᠭ ᠢᠶᠠᠷ ᠬᠠᠲᠠᠭᠤ ᠪᠡᠷᠬᠡᠰᠢᠶᠡᠯᠲᠦ ᠠᠵᠢᠯ ᠦᠢᠯᠡᠰ ᠢᠶᠠᠨ ᠴᠤᠠᠠᠴᠠᠯᠠᠵᠤ᠂ ᠬᠡᠳᠦᠨ ᠵᠢᠯ ᠤᠨ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ᠂ 2009 ᠣᠨ ᠳᠤ ᠬᠥᠪᠡᠭᠡᠲᠦ ᠰᠢᠷ᠎ᠠ ᠬᠤᠰᠢᠭᠤᠨ ᠤ ᠨᠣᠭᠤᠭᠠᠨ ᠪᠤᠯᠠᠭ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢ ᠡᠭᠦᠰᠭᠡᠡ ᠪᠠᠶᠢᠭᠤᠯᠵᠤ᠂  ᠠᠷᠢᠭᠤᠠ ᠬᠥᠳᠡᠯᠮᠦᠷᠢ ᠪᠠᠷ ᠢᠶᠠᠨ ᠴᠢᠨᠡᠭᠡᠯᠢᠭᠵᠢᠬᠦ ᠵᠠᠮ ᠢᠶᠠᠷ ᠵᠠᠮᠨᠠᠵᠤ᠂ ᠺᠣᠮᠫᠠᠨᠢ ᠪᠠᠨ ᠴᠢᠷᠮᠠᠶᠢᠨ ᠰᠠᠶᠢᠲᠤᠷ ᠡᠷᠬᠢᠯᠡᠬᠦ ᠶᠢᠨ ᠬᠠᠮᠲᠤ᠂ ᠲᠡᠳᠡ ᠬᠤᠶᠠᠭᠤᠯᠠ ᠦᠨᠳᠦᠰᠦᠲᠡᠨ ᠤ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠶ᠎ᠡ  ᠵᠤᠬᠢᠴᠠᠯ ᠢ ᠭᠦᠷᠢᠶᠡᠯᠡᠰᠡᠭᠡᠷ ᠢᠷᠡᠵᠡᠢ᠃         ᠪᠠᠶᠠᠵᠢᠯ ᠤᠨ ᠵᠠᠮ ᠢᠶᠠᠷ ᠵᠠᠮᠨ᠋ᠬᠠᠰᠠᠠ ᠡᠷᠳᠡᠨᠢᠴᠢᠮᠡᠭ ᠨᠢ ᠨᠤᠲᠤᠭ ᠤᠰᠤᠠ ᠤ ᠪᠠᠨ ᠭᠦᠮᠥᠰ ᠢ ᠲᠡᠥᠡᠭᠦᠡ᠂  ᠬᠤᠪᠴᠠᠰᠤ ᠵᠠᠰᠠᠯ ᠤᠨ ᠦᠶᠯᠡᠳᠪᠦᠷᠢ ᠳᠤ ᠪᠠᠨ ᠲᠤᠰᠬᠠᠶᠢᠯᠠᠨ ᠬᠤᠲᠠ ᠣᠷᠣᠵᠤ ᠠᠵᠢᠯ ᠡᠷᠢᠭᠰᠡᠡ ᠮᠠᠯᠴᠢᠨ ᠲᠠᠷᠢᠶᠠᠴᠢᠨ ᠡᠮᠡᠭᠲᠡᠶᠢᠴᠦᠳ ᠢ ᠡᠯᠰᠡᠡ ᠠᠵᠢᠯᠠᠭᠤᠯᠵᠤ ᠰᠤᠷᠤᠯᠴᠠᠭᠤᠯᠤᠠ᠂ ᠤᠷᠢᠳ ᠬᠤᠵᠢᠳ ᠮᠣᠩᠭᠤᠯ ᠬᠤᠪᠴᠠᠰᠤ ᠵᠠᠰᠠᠯ ᠤᠨ ᠣᠶᠣᠳᠠᠯ ᠤᠨ ᠭᠤᠤᠯᠯᠠᠭᠴᠢ ᠬᠦᠴᠦᠨ ᠵᠠᠭᠤᠭᠠᠤᠠ ᠬᠥᠮᠦᠨ ᠢ ᠬᠥᠮᠦᠵᠢᠭᠦᠯᠪᠡ᠃ ᠡᠷᠳᠡᠨᠢᠴᠢᠮᠡᠭ ᠪᠠᠰᠠ ᠬᠤᠪᠢ ᠶᠢᠨ ᠵᠣᠭᠤᠰ ᠢᠶᠠᠷ ᠢᠶᠠᠨ ᠰᠤᠷᠤᠭᠴᠢ ᠪᠠᠶᠢᠠᠠᠰᠠᠠ ᠮᠠ ᠶᠢᠨ ᠹᠧᠩ ᠢ ᠬᠠᠪᠰᠤᠷᠤᠨ ᠮᠣᠩᠭᠤᠯ ᠬᠤᠪᠴᠠᠰᠤ ᠣᠶᠣᠬᠤ ᠳᠡᠯᠭᠡᠭᠦᠷ ᠨᠡᠭᠡᠭᠡᠵᠥ᠂ ᠲᠣᠨᠤᠭ ᠲᠥᠬᠦᠭᠡᠷᠦᠮᠵᠢ ᠤᠷᠤᠭᠤᠯᠬᠤ᠂ ᠵᠢᠷᠤᠵᠤ ᠲᠥᠯᠥᠪᠯᠡᠬᠦ᠂ ᠦᠢᠯᠡᠳᠬᠦ᠂ ᠵᠣᠴᠢᠨ ᠲᠠᠨᠢᠯᠴᠠᠭᠤᠯᠬᠤ᠂ ᠪᠣᠷᠣᠯᠠᠭᠤᠯᠭ᠎ᠠ ᠶᠢᠨ ᠵᠠᠮ ᠡᠷᠢᠭᠦ ᠬᠦᠷᠲᠡᠯ᠎ᠡ᠂ ᠡᠷᠳᠡᠨᠢᠴᠢᠮᠡᠭ ᠴᠥᠮ ᠮᠠᠰᠢ ᠶᠡᠭᠡ ᠬᠠᠪᠰᠤᠷᠤᠯᠭ᠎ᠠ ᠦᠵᠡᠭᠦᠯᠥᠭᠰᠡᠡ ᠠᠴᠠ ᠮᠠ ᠶᠢᠨ ᠹᠧᠩ ᠵᠠᠬ᠎ᠠ ᠵᠡᠭᠡᠯᠢ   ᠳᠤ ᠮᠠᠰᠢ ᠲᠦᠷᠭᠡᠨ ᠬᠥᠯ ᠲᠣᠭᠲᠠᠵᠤ᠂ ᠠᠮᠢᠳᠤᠷᠠᠯ ᠤᠨ ᠬᠦᠰᠡᠯ ᠡᠷᠡᠮᠡᠯᠵᠡᠯ ᠲᠠᠢ ᠪᠤᠯᠤᠠᠠᠰᠠᠠ ᠶᠤᠮ᠃        ᠣᠯᠠᠨ ᠵᠢᠯ ᠤᠨ ᠲᠤᠷᠰᠢ᠂ ᠡᠷᠳᠡᠨᠢᠴᠢᠮᠡᠭ ᠦᠨᠳᠦᠰᠦᠲᠡᠨ ᠨᠦᠭᠦᠳ ᠤᠨ ᠠᠵᠢᠯᠲᠠᠳ ᠢ ᠳᠠᠭᠠᠭᠤᠯᠤᠨ ᠦᠨᠳᠦᠰᠦᠲᠡᠨ ᠤ ᠬᠤᠪᠴᠠᠰᠤ ᠵᠠᠰᠠᠯ ᠤᠨ ᠰᠤᠳᠤᠯᠭᠠᠨ ᠪᠠ ᠬᠠᠶᠢᠨ ᠰᠥᠪᠡᠭᠴᠢᠯᠡᠯᠲᠡ ᠪᠠᠷ ᠳᠠᠮᠵᠢᠭᠠᠳ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠢ ᠵᠢᠷᠤᠵᠤ ᠲᠥᠯᠥᠪᠯᠡᠬᠦ ᠲᠠᠯ᠎ᠠ ᠪᠠᠷ ᠣᠲᠣ ᠦᠶ᠎ᠡ ᠶᠢᠨ ᠬᠡᠪ ᠨᠠᠮᠪᠠ ᠪᠠ ᠦᠨᠳᠦᠰᠦᠲᠡᠨ ᠤ ᠤᠯᠠᠮᠵᠢᠯᠠᠯᠲᠤ ᠬᠡᠪ ᠨᠠᠮᠪᠠ ᠶᠢ ᠪᠦᠷᠢᠨ ᠲᠡᠭᠦᠯᠳᠡᠷ ᠤᠶᠠᠯᠳᠤᠭᠤᠯᠤᠭᠰᠠᠨ ᠪᠠᠶᠢᠨ᠎ᠠ᠃ ᠶᠠᠩᠵᠤ ᠪᠦᠷᠢ ᠶᠢᠨ ᠰᠢᠨ᠎ᠡ ᠬᠢᠴᠡ ᠲᠠᠢ᠂ ᠨᠠᠷᠢᠯᠢᠭ ᠬᠢᠴᠡ ᠲᠠᠢ ᠮᠣᠩᠭᠤᠯ ᠲᠡᠷᠯᠢᠭ᠂ ᠮᠠᠯᠠᠭᠠᠢ᠂ ᠲᠣᠯᠣᠭᠠᠢ ᠶᠢᠨ ᠵᠠᠰᠠᠯ ᠴᠢᠮᠡᠭᠯᠡᠯ ᠵᠡᠷᠭᠡ ᠦᠨᠳᠦᠰᠦᠲᠡᠨ ᠤ ᠬᠤᠪᠴᠠᠰᠤ ᠵᠠᠰᠠᠯ ᠤᠨ ᠪᠦᠲᠦᠭᠡᠭᠳᠡᠬᠦᠨ ᠢ ᠤᠷᠠᠯᠠᠨ ᠪᠦᠲᠦᠭᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠠᠭᠠᠰᠢᠶᠠᠯ ᠢ ᠤᠯᠵᠤ᠂ ᠦᠢᠯᠡᠳᠪᠦᠷᠢᠯᠡᠭᠰᠡᠨ ᠦᠢᠯᠡᠳᠬᠦᠨ ᠨᠢ ᠲᠤᠬᠠᠢ ᠶᠢᠨ ᠭᠠᠵᠠᠷ ᠤᠨ ᠤᠯᠠᠨ ᠲᠦᠮᠡᠨ ᠤ ᠬᠡᠷᠡᠭᠴᠡᠭᠡ ᠶᠢ ᠬᠠᠩᠭᠠᠭᠰᠠᠨ ᠢᠶᠠᠷ ᠪᠠᠷᠠᠬᠤ ᠦᠭᠡᠢ ᠪᠠᠰᠠ ᠪᠦᠬᠦ ᠤᠯᠤᠰ ᠤᠨ ᠡᠯ᠎ᠡ ᠭᠠᠵᠠᠷ ᠤᠷᠤᠠ ᠳᠤ ᠪᠣᠷᠣᠯᠠᠭᠤᠯᠤᠭᠳᠠᠪᠠ ᠃ ᠡᠷᠳᠡᠨᠢᠴᠢᠮᠡᠭ ᠴᠠᠬᠠᠷ ᠮᠣᠩᠭᠤᠯ ᠬᠤᠪᠴᠠᠰᠤ ᠵᠠᠰᠠᠯ ᠤᠨ ᠰᠣᠶᠣᠯ ᠤᠷᠠᠯᠢᠭ ᠢ  ᠤᠯᠠᠮᠵᠢᠯᠠᠠ ᠭᠦᠭᠵᠢᠭᠦᠯᠭᠦ ᠳᠤ ᠬᠤᠪᠢ ᠨᠡᠮᠡᠷᠢ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠦᠨᠳᠦᠰᠦᠲᠡᠨ ᠨᠦᠭᠦᠳ ᠤᠨ ᠰᠣᠶᠣᠯ ᠤᠨ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ ᠬᠠᠶᠢᠷ᠎ᠠ ᠰᠡᠳᠬᠢᠯᠭᠡ ᠶᠢ ᠪᠠᠳᠠᠷᠠᠭᠤᠯᠪᠠ᠃
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号