ᠡᠨᠡ ᠵᠢᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠲᠤ ᠬᠠᠷᠢᠭᠤ ᠵᠠᠬᠢᠳᠠᠯ ᠢᠯᠡᠭᠡᠭᠰᠡᠨ | 5 ᠵᠢᠯ ᠤᠨ ᠣᠶ᠂ ᠮᠦᠨ ᠴᠦ 6 ᠰᠠᠷ᠎ᠠ ᠶᠢᠨ 17 ᠤ ᠡᠳᠦᠷ ᠪᠣᠯ ᠤᠯᠠᠭᠠᠨᠮᠥ᠋ᠴᠢᠷ ᠪᠠᠶᠢᠭᠤᠯᠤᠭᠳᠠᠭᠰᠠᠨ 65 | ᠵᠢᠯ ᠤᠨ ᠣᠶ ᠶᠢᠨ ᠡᠳᠦᠷ ᠪᠣᠯᠤᠨ᠎ᠠ᠃ | ᠤᠯᠠᠭᠠᠨᠮᠥ᠋ᠴᠢᠷ ᠪᠤᠯ ᠲᠠᠯ᠎ᠠ ᠨᠤᠲᠤᠭ ᠤᠨ ᠬᠦᠩᠭᠡᠨ ᠮᠤᠷᠢᠲᠦ ᠴᠡᠷᠢᠭ ᠭᠡᠵᠤ ᠨᠡᠷᠡᠯᠡᠭᠳᠡᠭᠰᠡᠨ ᠦᠨᠳᠦᠰᠦᠨ | ᠱᠠᠲᠤᠨ ᠤ ᠰᠣᠶᠣᠯ ᠤᠨ ᠠᠵᠢᠯᠯᠠᠬᠤ ᠠᠩᠬᠢ ᠪᠣᠯᠤᠨ᠎ᠠ᠃ 1957 ᠣᠨ ᠤ 6 ᠰᠠᠷ᠎ᠠ ᠶᠢᠨ 17 ᠤ ᠡᠳᠦᠷ᠂ | ᠠᠩᠬᠠᠳᠠᠭᠴᠢ ᠤᠯᠠᠭᠠᠨᠮᠥ᠋ᠴᠢᠷ ᠰᠥᠨᠢᠳ ᠪᠠᠷᠠᠭᠤᠨ ᠬᠤᠰᠢᠭᠤᠨ ᠳᠤ ᠮᠡᠨᠳᠦᠯᠡᠵᠤ᠂ ᠬᠥᠪᠡᠭᠡᠲᠦ ᠰᠢᠷ᠎ᠠ ᠬᠤᠰᠢᠭᠤᠨ ᠤ | ᠤᠯᠠᠭᠠᠨᠮᠥ᠋ᠴᠢᠷ ᠨᠢ 1958 ᠣᠨ ᠳᠤ ᠪᠠᠶᠢᠭᠤᠯᠤᠭᠳᠠᠨ᠂ ᠬᠠᠮᠤᠭ ᠡᠷᠲᠡ ᠪᠠᠶᠢᠭᠤᠯᠤᠭᠳᠠᠭᠰᠠᠨ ᠠᠩᠬᠠᠨ ᠤ | ᠤᠯᠠᠭᠠᠨᠮᠥ᠋ᠴᠢᠷ ᠤᠳ ᠤᠨ ᠨᠢᠭᠡ ᠪᠤᠯᠵᠤ᠂ ᠣᠷᠣᠨ ᠤ ᠳᠣᠲᠣᠨ᠎ᠠ ᠭᠠᠳᠠᠨᠠᠬᠢ ᠱᠠᠩᠨᠠᠯ ᠢ ᠣᠯᠠᠨ ᠤᠳᠠᠭ᠎ᠠ | ᠭᠥᠷᠳᠡᠭᠰᠡᠨ ᠪᠥᠭᠡᠳ ᠪᠥᠬᠦ ᠣᠷᠣᠨ ᠤ ︽ᠠᠷᠪᠠᠨ ᠰᠢᠯᠢᠳᠡᠭ ᠤᠯᠠᠭᠠᠨᠮᠥ᠋ᠴᠢᠷ︾᠂ ︽ᠨᠢᠭᠡᠳᠦᠭᠡᠷ ᠲᠡᠰ ᠤᠨ | ᠤᠯᠠᠭᠠᠨᠮᠥ᠋ᠴᠢᠷ︾ ᠤᠨ ᠴᠣᠯᠠ ᠶᠢ ᠭᠥᠷᠳᠡᠵᠦ᠂ ᠰᠣᠶᠣᠯ ᠤᠨ ᠰᠠᠯᠠᠭ᠎ᠠ ᠮᠥᠴᠢᠷ ᠤᠨ ︽ᠪᠥᠬᠦ ᠤᠯᠤᠰ ᠤᠨ | ᠤᠯᠠᠭᠠᠨᠮᠥ᠋ᠴᠢᠷ︾ ᠤᠨ ᠲᠡᠷᠢᠭᠦᠨ ᠤ ᠬᠠᠮᠲᠦ ᠨᠢᠭᠡᠴᠡ ᠶᠢᠨ ᠱᠠᠩᠨᠠᠯ ᠢ ᠬᠦᠷᠲᠡᠭᠰᠡᠨ ᠰᠢᠯᠢᠳᠡᠭ ᠤᠯᠠᠭᠠᠨᠮᠥ᠋ᠴᠢᠷ | ᠪᠣᠯᠤᠨ᠎ᠠ᠃ | 2017 ᠣᠨ ᠤ 11 ᠰᠠᠷ᠎ᠠ ᠶᠢᠨ 21 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠰᠥᠨᠢᠳ ᠪᠠᠷᠠᠭᠤᠨ | ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠤᠯᠠᠭᠠᠨᠮᠥ᠋ᠴᠢᠷ ᠤᠨ 60 | ᠵᠢᠯ ᠤᠨ ᠲᠤᠷᠰᠢᠬᠢ ᠠᠮᠵᠢᠯᠲᠠ ᠪᠦᠲᠦᠮᠵᠢ ᠶᠢ ᠨᠤᠲᠠᠯᠠᠵᠤ᠂ ︽ᠤᠯᠠᠭᠠᠨᠮᠥ᠋ᠴᠢᠷ ᠪᠣᠯ ᠪᠥᠬᠦ ᠤᠯᠤᠰ ᠤᠨ ᠤᠳᠬ᠎ᠠ | ᠤᠷᠠᠯᠢᠭ ᠤᠨ ᠹᠷᠣᠨᠲ ᠤᠨ ᠨᠢᠭᠡᠨ ᠲᠤᠭ ᠮᠥᠨ︾ ᠭᠡᠰᠡᠨ ᠪᠦᠭᠡᠳ ᠲᠡᠳᠡᠨ ᠢ ᠦᠷᠬᠦᠯᠵᠢᠯᠡᠨ ᠦᠨᠳᠦᠰᠦᠨ ᠱᠠᠲᠤᠨ | ᠳᠤ ᠦᠨᠳᠦᠰᠦᠯᠡᠵᠤ᠂ ᠤᠯᠠᠨ ᠲᠦᠮᠡᠨ ᠳᠤ ᠦᠢᠯᠡᠴᠢᠯᠡᠵᠤ᠂ ᠤᠯᠠᠨ ᠲᠦᠮᠡᠨ ᠲᠠᠢ ᠤᠶᠢᠷᠠᠳᠤᠭᠰᠠᠨ᠂ ᠤᠯᠠᠨ | ᠲᠦᠮᠡᠨ ᠤ ᠳᠤᠮᠳᠠ ᠳᠡᠯᠭᠡᠷᠡᠵᠤ ᠲᠠᠭᠠᠰᠶᠠᠭᠳᠠᠭᠰᠠᠨ ᠨᠡᠩ ᠤᠯᠠᠨ ᠰᠢᠯᠢᠳᠡᠭ ᠪᠦᠲᠦᠭᠡᠯ ᠢ ᠵᠤᠬᠢᠶᠠᠨ ᠪᠦᠲᠦᠭᠡᠬᠦ ᠪᠠᠷ | ᠴᠢᠷᠮᠠᠶᠢᠭᠠᠷᠠᠢ ᠭᠡᠵᠦ ᠵᠣᠷᠢᠭᠵᠢᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠪᠥᠬᠦ | ᠤᠯᠤᠰ ᠤᠨ ᠬᠡᠪᠴᠢᠶᠡᠨ ᠳᠤ ᠬᠠᠯᠠᠭᠤᠨ ᠲᠤᠰᠬᠠᠯ ᠭᠠᠷᠴᠤ᠂ ᠤᠯᠠᠭᠠᠨᠮ᠊ ᠥ᠋ᠴᠢᠷ ᠤᠨ ᠰᠢᠯᠢᠳᠡᠭ ᠤᠯᠠᠮᠵᠢᠯᠠᠯ ᠢ | ᠰᠤᠷᠤᠯᠴᠠᠬᠤ ᠬᠠᠯᠠᠭᠤᠨ ᠥᠷᠨᠢᠯᠲᠡ ᠪᠤᠯᠵᠠᠢ᠃ | ᠬᠥᠪᠡᠭᠡᠲᠦ ᠰᠢᠷ᠎ᠠ ᠬᠤᠰᠢᠭᠤᠨ ᠤ ᠤᠯᠠᠭᠠᠨᠮᠥ᠋ᠴᠢᠷ ᠢᠮᠠᠭᠲᠠ ︽ᠬᠤᠶᠠᠷ ᠲᠤ ᠦᠶᠯᠡᠴᠢᠯᠡᠬᠦ︾ ᠴᠢᠭᠯᠡᠯ | ᠪᠣᠯᠤᠨ ︽ᠬᠤᠤᠰ ᠵᠠᠭᠤᠨ︾ ᠤ ᠴᠢᠭᠯᠡᠯᠲᠡ ᠶᠢ ᠪᠠᠷᠢᠮᠲᠠᠯᠠᠵᠤ᠂ ᠦᠨᠳᠦᠰᠦᠲᠡᠨ ᠤ ᠰᠢᠯᠢᠳᠡᠭ ᠰᠣᠶᠣᠯ ᠢ | ᠪᠠᠳᠠᠷᠠᠭᠤᠯᠬᠤ ᠪᠠ ᠤᠯᠠᠮᠵᠢᠯᠠᠨ ᠵᠠᠯᠭᠠᠮᠵᠢᠯᠠᠬᠤ ᠪᠠᠷ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠦᠨᠳᠦᠰᠦᠨ ᠱᠠᠳᠣ᠂ | ᠨᠡᠶᠢᠭᠡᠮ ᠲᠣᠭᠤᠷᠢᠭ ᠲᠤ ᠬᠦᠨᠵᠡᠬᠡᠶᠢᠷᠡᠨ᠂ ᠪᠠᠶᠠᠷ ᠬᠥᠷ ᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠣᠯᠠᠨ | ᠵᠢᠯ ᠤᠨ ᠴᠢᠷᠮᠠᠶᠢᠯᠭ᠎ᠠ ᠪᠠᠷ ᠳᠡᠮᠵᠢᠨ᠂ ᠠᠭᠠᠵᠢᠮ ᠢᠶᠠᠷ ᠭᠠᠵᠠᠷ ᠣᠷᠣᠨ ᠤ ᠣᠨᠴᠠᠯᠢᠭ ᠪᠠ ᠦᠨᠳᠦᠰᠦᠲᠡᠨ ᠤ | ᠣᠨᠴᠠᠯᠢᠭ ᠪᠥᠬᠦᠶ ᠲᠤᠰᠬᠠᠶ ᠮᠡᠷᠭᠡᠵᠢᠯ ᠤᠨ ᠲᠣᠭᠯᠠᠯᠲᠠ ᠶᠢᠨ ᠪᠦᠯᠬᠦᠮ ᠪᠤᠯᠤᠨ ᠬᠥᠭᠵᠢᠵᠦ᠂ ᠰᠣᠶᠣᠯ ᠢ | ᠤᠯᠠᠮᠵᠢᠯᠠᠬᠤ᠂ ᠤᠷᠠᠯᠢᠭ ᠢ ᠤᠯᠠᠮᠵᠢᠯᠠᠬᠤ᠂ ᠪᠣᠯᠪᠠᠰᠤᠨ ᠢ ᠤᠯᠠᠮᠵᠢᠯᠠᠬᠤ ᠲᠤᠯᠭᠠᠭᠤᠷᠢ ᠡᠩᠨᠡᠭᠡ ᠪᠣᠯᠤᠭᠰᠠᠨ ᠪᠠᠶᠢᠨ᠎ᠠ᠃ | | ︽ᠪᠠᠶᠠᠷ ᠪᠠᠭ᠋ᠠᠳᠣᠯ᠂ ᠰᠣᠶᠣᠯ ᠪᠣᠯᠪᠠᠰᠤᠨ ᠢ ᠬᠦᠷᠭᠡᠬᠦ︾ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ | ᠬᠥᠪᠡᠭᠡᠲᠦ ᠰᠢᠷ᠎ᠠ ᠬᠤᠰᠢᠭᠤᠨ ᠤ ᠤᠯᠠᠭᠠᠨᠮᠥ᠋ᠴᠢᠷ ᠤᠨ ᠬᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ | ᠡᠷᠡᠮᠡᠬᠡᠶᠢᠯᠡᠨ ᠤᠷᠤᠭᠰᠢᠯᠠᠵᠤ᠂ ᠣᠷᠣᠨ ᠪᠦᠰᠡ ᠶᠢᠨ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠲᠤ ᠰᠠᠭᠤᠷᠢᠯᠠᠨ | ᠂ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠪᠠ ᠴᠠᠭ ᠦᠶ᠎ᠡ ᠶᠢᠨ ᠠᠭᠤᠷ ᠠᠮᠢᠰᠬᠤᠯ ᠢᠶᠠᠷ ᠪᠢᠯᠬᠠᠮ᠎ᠠ | ᠦᠯᠡᠮᠵᠢ ᠣᠯᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠲᠤᠭᠤᠷᠪᠢᠵᠤ᠂ ᠥᠷᠭᠡᠨ ᠣᠯᠠᠨ ᠲᠦᠮᠡᠨ ᠳᠤ ᠪᠠᠶᠠᠷ | ᠪᠠᠶᠠᠰᠤᠯ ᠪᠠ ᠪᠣᠯᠪᠠᠰᠤᠨ ᠢ ᠬᠦᠷᠭᠡᠵᠦ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠪᠠ᠃ ᠤᠷᠴᠢᠮ | ᠤᠨ ᠬᠤᠭᠤᠴᠠᠭᠠᠨ ᠳᠤ ᠬᠢᠵᠢᠭ ᠤᠨ ᠪᠠᠶᠢᠳᠠᠯ ᠤᠨ ᠬᠢᠵᠠᠭᠠᠷᠯᠠᠯ ᠠᠴᠠ ᠪᠤᠯᠵᠤ᠂ ᠤᠯᠠᠭᠠᠨᠮᠦ᠋ᠴᠢᠷ ᠨᠢ ᠰᠤᠳᠤᠨ | ᠪᠦᠲᠦᠭᠡᠯ ᠢᠶᠠᠨ ᠰᠦᠯᠵᠢᠶ᠎ᠡ ᠪᠠᠷ ᠰᠢᠭᠤᠳ ᠨᠡᠪᠲᠡᠷᠡᠬᠦᠯᠬᠦ ᠵᠡᠷᠭᠡ ᠠᠷᠭ᠎ᠠ ᠪᠠᠷᠢᠯ ᠢᠶᠠᠷ ᠤᠯᠠᠨ ᠲᠦᠮᠡᠨ ᠳᠤ | ᠦᠢᠯᠡᠴᠢᠯᠡᠵᠤ ᠪᠠᠶᠢᠨ᠎ᠠ᠃ | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠥᠪᠡᠭᠡᠲᠦ ᠰᠢᠷ᠎ᠠ ᠬᠤᠰᠢᠭᠤᠨ ᠤ ᠤᠯᠠᠭᠠᠨᠮᠥ᠋ᠴᠢᠷ ᠦᠨᠳᠦᠰᠦᠨ | ᠱᠠᠲᠤᠨ ᠤ ᠦᠶᠯᠡᠴᠢᠯᠡᠭᠡᠨ ᠤ ᠲᠣᠭᠯᠠᠯᠲᠠ ᠶᠢᠨ ᠠᠵᠢᠯᠯᠠᠭ᠎ᠠ ᠶᠢ ᠨᠡᠶᠢᠲᠡ 51 ᠤᠳᠠᠭ᠎ᠠ ᠥᠷᠨᠢᠭᠦᠯᠵᠦ᠂ ᠭᠤᠤᠯ | ᠰᠡᠳᠦᠪᠲᠦ ᠤᠬᠠᠭᠤᠯᠭ᠎ᠠ ᠶᠢ 20 ᠤᠳᠠᠭ᠎ᠠ ᠬᠢᠵᠦ᠂ 60 ᠤᠳᠠᠭ᠎ᠠ ᠤᠷᠠᠯᠢᠭ ᠤᠨ ᠬᠠᠪᠰᠤᠷᠤᠨ ᠵᠢᠯᠤᠭᠤᠳᠤᠯᠭ᠎ᠠ | ᠬᠢᠵᠤ᠂ ᠰᠠᠶᠢᠨ ᠳᠤᠷ᠎ᠠ ᠶᠢᠨ ᠦᠶᠯᠡᠴᠢᠯᠡᠭᠡ ᠶᠢ 20 ᠤᠳᠠᠭ᠎ᠠ ᠬᠢᠵᠦ᠂ ᠦᠵᠡᠭᠴᠢᠳ ᠵᠢᠴᠢ ᠠᠰᠢᠭ | ᠬᠦᠷᠲᠡᠭᠴᠢ ᠶᠢᠨ ᠬᠥᠮᠦᠨ ᠤ ᠲᠤᠭ᠎ᠠ 11000 ᠬᠥᠮᠦᠨ ᠤᠳᠠᠭ᠎ᠠ ᠳᠤ ᠬᠦᠷᠴᠦ᠂ ᠣᠯᠠᠨ ᠲᠦᠮᠡᠨ ᠤ ᠰᠣᠶᠣᠯ ᠤᠨ | ᠠᠮᠢᠳᠤᠷᠠᠯ ᠢ ᠪᠠᠶᠠᠯᠢᠬᠵᠢᠭᠤᠯᠵᠠᠢ᠃ | ᠲᠡᠦᠬᠡ ᠶᠢᠨ ᠰᠢᠨ᠎ᠡ ᠬᠥᠭᠵᠢᠯᠲᠡ ᠶᠢᠨ ᠴᠠᠭ ᠦᠶ᠎ᠡ ᠳᠤ᠂ ᠠᠵᠠ ᠲᠣᠬᠢᠶᠠᠯ ᠪᠣᠯᠤᠨ ᠥᠷᠢᠰᠥᠯᠳᠦᠭᠡᠨ | ᠵᠡᠷᠭᠡᠪᠡᠷ ᠣᠷᠣᠰᠢᠵᠤ ᠪᠠᠶᠢᠭ᠎ᠠ ᠦᠨᠣᠳᠣᠷ ᠬᠥᠪᠡᠭᠡᠲᠦ ᠰᠢᠷ᠎ᠠ ᠬᠤᠰᠢᠭᠤᠨ ᠤ ᠤᠯᠠᠭᠠᠨᠮᠥ᠋ᠴᠢᠷ ᠨᠢ ᠰᠢᠯᠢᠳᠡᠭ | ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ | ᠲᠦᠮᠡᠨ ᠳᠤ ᠦᠢᠯᠡᠴᠢᠯᠡᠵᠦ᠂ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠤ ᠳᠤᠮᠳᠠ | ᠤᠯᠠᠮᠵᠢᠯᠠᠭᠳᠠᠭᠰᠠᠨ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠬᠦ ᠪᠠᠷ ᠴᠢᠷᠮᠠᠶᠢᠵᠤ᠂ ᠥᠨᠢ ᠡᠭᠦᠷᠢᠳᠡ | ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠪᠤᠯᠵᠤ ᠪᠠᠶᠢᠨ᠎ᠠ᠃ |