7 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠯᠢ ᠵᠢᠶᠠᠨ ᠴᠢᠶᠠᠩ ᠪᠦᠭᠦ ᠬᠤᠰᠢᠭᠤᠨ ᠤ ᠨᠣᠳᠤᠭ ᠪᠡᠯᠴᠢᠭᠡᠷ ᠤᠶᠢᠲᠦ ᠭᠠᠵᠠᠷ ᠢ ᠡᠪᠳᠡᠭᠰᠡᠨ | ᠬᠠᠣᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠲᠣᠰᠬᠠᠢ ᠴᠡᠭᠴᠡᠯᠡᠨ ᠵᠠᠰᠠᠬᠤ ᠵᠢᠴᠢ ︽ ᠡᠷᠭᠢᠨ ᠪᠠᠶᠢᠴᠠᠭᠠᠬᠤ | ︾ ᠠᠵᠢᠯ ᠢ ᠳᠦᠯᠬᠢᠨ ᠠᠬᠢᠭᠤᠯᠬᠤ ᠳᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠣᠭᠤᠯᠵᠦ᠂ ᠪᠦᠭᠦ | ᠬᠤᠰᠢᠭᠤᠨ ᠤ ᠨᠣᠳᠤᠭ ᠪᠡᠯᠴᠢᠭᠡᠷ ᠤᠶᠢᠲᠦ ᠭᠠᠵᠠᠷ ᠢ ᠡᠪᠳᠡᠭᠰᠡᠨ ᠬᠠᠣᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ | ᠶᠢ ᠲᠣᠰᠬᠠᠢ ᠴᠡᠭᠴᠡᠯᠡᠨ ᠵᠠᠰᠠᠬᠤ ᠵᠢᠴᠢ ︽ ᠡᠷᠭᠢᠨ ᠪᠠᠶᠢᠴᠠᠭᠠᠬᠤ︾ ᠠᠵᠢᠯ ᠢ ᠳᠦᠯᠬᠢᠨ ᠠᠬᠢᠭᠤᠯᠵᠤ ᠪᠠᠶᠢᠭ᠎ᠠ | ᠪᠠᠶᠢᠳᠠᠯ᠂ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ ᠵᠤᠭᠰᠤᠭᠠᠬᠤ ᠠᠵᠢᠯ ᠤᠨ ᠳ᠋ᠦᠩᠨᠡᠯᠲᠡ ᠶᠢᠨ ᠪᠠᠶᠢᠳᠠᠯ ᠤᠨ | ᠬᠠᠷᠢᠭᠤ ᠮᠡᠳᠡᠬᠦᠯᠦᠯᠲᠡ ᠶᠢ ᠰᠤᠨᠤᠰᠴᠦ᠂ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠵᠠᠢ᠃ | ᠬᠤᠷᠠᠯ ᠠᠴᠠ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ᠂ ᠰᠤᠮᠤ ᠪᠠᠯᠭᠠᠰᠤ ᠨᠢ ᠤᠯᠤᠰ ᠲᠦᠷᠦ ᠶᠢᠨ | ᠵᠤᠭᠰᠤᠴᠠ ᠪᠠᠨ ᠳᠡᠭᠡᠭᠰᠢᠯᠡᠬᠦᠯᠵᠤ᠂ ᠪᠦᠬᠦ ᠠᠶᠢᠮᠠᠭ ᠤᠨ ᠲᠠᠨᠤᠲᠤᠭ ᠪᠡᠯᠴᠢᠭᠡᠷ ᠤᠶᠢᠲᠦ ᠭᠠᠵᠠᠷ ᠢ ᠡᠪᠳᠡᠭᠰᠡᠨ | ᠬᠠᠣᠯᠢ ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠲᠣᠰᠬᠠᠢ ᠴᠡᠭᠴᠡᠯᠡᠨ ᠵᠠᠰᠠᠬᠤ ᠵᠢᠴᠢ ︽ ᠡᠷᠭᠢᠨ | ᠪᠠᠶᠢᠴᠠᠭᠠᠬᠤ︾ ᠠᠵᠢᠯ ᠢ ᠳᠦᠯᠬᠢᠨ ᠠᠬᠢᠭᠤᠯᠬᠤ ᠬᠤᠷᠠᠯ᠂ ᠪᠦᠬᠦ ᠠᠶᠢᠮᠠᠭ ᠤᠨ 2022 ᠤᠨ ᠤ ᠬᠠᠪᠤᠷ ᠤᠨ | ᠤᠯᠠᠷᠢᠯ ᠤᠨ ᠪᠡᠯᠴᠢᠭᠡᠷᠯᠡᠬᠦᠯᠬᠦ ᠶᠢ ᠵᠤᠭᠰᠤᠭᠠᠬᠤ ᠠᠵᠢᠯ ᠤᠨ ᠳ᠋ᠦᠩᠨᠡᠯᠲᠡ ᠶᠢᠨ ᠬᠤᠷᠠᠯ ᠤᠨ ᠵᠤᠷᠢᠭ ᠰᠠᠨᠠᠭ᠎ᠠ ᠶᠢ | ᠨᠠᠶᠢᠳᠠᠪᠤᠷᠢᠵᠢᠭᠤᠯᠤᠨ ᠲᠤᠤᠱᠯᠠᠭᠤᠯᠵᠤ᠂ ᠬᠠᠮᠳᠤᠷᠠᠯᠴᠠᠨ ᠠᠵᠢᠯᠯᠠᠵᠤ᠂ ᠳᠤᠲᠠᠭᠳᠠᠯ ᠢᠶᠠᠨ ᠨᠦᠬᠦᠪᠦᠷᠢᠯᠡᠨ᠂ | ᠬᠠᠷᠢᠭᠤᠴᠠᠯᠭ᠎ᠠ ᠪᠠᠨ ᠡᠬᠦᠷᠭᠡᠯᠡᠵᠤ᠂ ᠡᠯ᠎ᠡ ᠲᠦᠷᠦᠯ ᠤᠨ ᠠᠵᠢᠯ ᠤᠨ ᠡᠬᠦᠷᠭᠡ ᠪᠠᠨ ᠴᠢᠨᠠᠷᠯᠢᠭ ᠪᠡᠶᠡᠯᠡᠬᠦᠯᠬᠦ ᠬᠡᠷᠡᠭᠲᠠᠢ | ᠭᠡᠵᠤ ᠵᠢᠭᠠᠵᠠᠢ᠃ | ᠬᠤᠷᠠᠯ ᠠᠴᠠ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ᠂ ᠰᠤᠮᠤ ᠪᠠᠯᠭᠠᠰᠤ ᠨᠢ ᠬᠠᠷᠠᠯᠲᠠ ᠡᠬᠦᠷᠭᠡ ᠪᠠᠨ | ᠳᠤᠳᠤᠷᠬᠠᠶᠢᠯᠠᠵᠤ᠂ ᠠᠰᠠᠭᠤᠳᠠᠯ ᠢᠶᠠᠨ ᠪᠦᠬᠦᠨ ᠢ ᠰᠢᠢᠳᠪᠦᠷᠢᠯᠡᠨ᠂ ᠠᠰᠠᠭᠤᠳᠠᠯ᠂ ᠬᠠᠷᠠᠯᠲᠠ᠂ ᠦᠷ᠎ᠡ ᠳ᠋ᠦᠩ ᠢᠶᠠᠷ | ᠣᠳᠣᠷᠢᠳᠣᠮᠵᠢ ᠪᠣᠯᠭᠠᠬᠤ ᠶᠢ ᠪᠠᠷᠢᠮᠳᠠᠯᠠᠨ᠂ ᠦᠨᠡᠨ ᠠᠴᠠ ᠵᠦᠪ ᠢ ᠡᠷᠢᠬᠦ᠂ ᠬᠠᠤᠯᠢ ᠳᠦᠷᠢᠮ ᠶᠣᠰᠣᠭᠠᠷ᠂ | ᠯᠠᠪᠳᠠᠭᠤᠨ ᠢᠶᠠᠷ ᠠᠬᠢᠭᠤᠯᠬᠤ ᠵᠠᠷᠴᠢᠮ ᠢ ᠠᠵᠢᠯ ᠤᠨ ᠪᠦᠬᠦ ᠶᠠᠪᠤᠴᠠ ᠳᠤᠮᠳᠠ ᠲᠤᠤᠱᠯᠠᠭᠤᠯᠵᠤ᠂ ᠦᠯᠡᠳᠡᠵᠤ | ᠪᠠᠶᠢᠭ᠎ᠠ ᠠᠰᠠᠭᠤᠳᠠᠯ ᠢ ᠳᠤᠬᠢᠲᠠᠢ ᠰᠢᠢᠳᠪᠦᠷᠢᠯᠡᠨ᠂ ᠲᠡᠤᠬᠡ ᠪᠤᠯᠤᠨ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ | ᠴᠢᠳᠠᠬᠤ ᠶᠢ ᠪᠠᠲᠤᠯᠠᠬᠤ ᠬᠡᠷᠡᠭᠲᠠᠢ︔ ᠪᠤᠳᠠᠳᠠᠢ ᠳᠤ ᠰᠠᠭᠤᠷᠢᠯᠠᠨ᠂ ᠤᠷᠢᠳᠴᠢᠯᠠᠨ ᠲᠦᠯᠦᠪᠵᠢᠬᠦᠯᠵᠤ᠂ ᠨᠠᠮᠤᠷ ᠤᠨ | ᠤᠯᠠᠷᠢᠯ ᠤᠨ ᠡᠪᠡᠰᠦ ᠪᠤᠷᠳᠤᠭ᠎ᠠ ᠨᠦᠭᠡᠴᠡᠯᠡᠬᠦ᠂ 2023 ᠤᠨ ᠤ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ | ᠵᠤᠭᠰᠤᠭᠠᠬᠤ ᠵᠡᠷᠭᠡ ᠠᠵᠢᠯ ᠢ ᠰᠠᠶᠢᠳᠤᠷ ᠬᠢᠬᠦ ᠬᠡᠷᠡᠭᠲᠠᠢ ᠭᠡᠵᠤ ᠴᠢᠬᠤᠯᠠᠴᠢᠯᠠᠪᠠ᠃ |