锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠦᠪᠡᠭᠡᠲᠦ ᠰᠢᠷ᠎ᠠ ᠬᠤᠰᠢᠭᠤ ᠮᠠᠯᠵᠢᠬᠤ ᠣᠷᠣᠨ ᠳᠤ ᠣᠷᠴᠢᠨ ᠲᠣᠭᠤᠷᠢᠨ ᠤ ᠴᠡᠪᠡᠷᠯᠡᠭᠡᠨ ᠤ ᠵᠢᠵᠢᠭ ᠬᠡᠯᠪᠡᠷᠢ ᠶᠢᠨ ᠮᠠᠰᠢᠨ ᠲᠥᠬᠦᠭᠡᠷᠦᠮᠵᠢ ᠲᠠᠷᠬᠠᠭᠠᠪᠠ
        ᠨᠡᠶᠢᠲᠡᠯᠡᠭᠰᠡᠨ ᠴᠠᠭ᠄
        2022/8/17
               7 ᠰᠠᠷ᠎ᠠ ᠶᠢᠨ 27 ᠤ ᠡᠳᠦᠷ᠂ ᠮᠠᠨ ᠤ ᠬᠤᠰᠢᠭᠤ ᠮᠠᠯᠵᠢᠬᠤ ᠣᠷᠣᠨ ᠤ ᠣᠷᠴᠢᠨ ᠲᠣᠭᠤᠷᠢᠨ ᠤ ᠴᠡᠪᠡᠷᠯᠡᠭᠡᠨ ᠤ ᠵᠢᠵᠢᠭ ᠬᠡᠯᠪᠡᠷᠢ ᠶᠢᠨ ᠮᠠᠰᠢᠨ ᠲᠥᠬᠦᠭᠡᠷᠦᠮᠵᠢ ᠶᠢ ᠲᠠᠷᠬᠠᠭᠠᠬᠤ ᠶᠣᠰᠣᠯᠠᠯ ᠶᠠᠪᠣᠬᠳᠠᠭᠤᠯᠵᠦ᠂35 ᠭᠠᠴᠠᠭᠠᠨ ᠳᠤ ᠭᠤᠷᠪᠠᠨ ᠬᠦᠷᠳᠦᠲᠦ ᠮᠣᠲ᠋ᠣᠷ ᠲᠡᠷᠭᠡ ᠲᠠᠷᠬᠠᠭᠠᠨ ᠦᠭᠴᠡᠢ᠃        ᠶᠣᠰᠣᠯᠠᠯ ᠳᠡᠭᠡᠷ᠎ᠡ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠭᠠᠲᠤᠷ᠂ ᠬᠠᠰᠴᠢᠯᠠᠭᠤ ᠠᠴᠠ ᠭᠠᠴᠠᠭᠠᠨ ᠤ ᠬᠠᠷᠢᠭᠤᠴᠠᠯᠭᠠᠲᠠᠨ ᠳᠤ ᠭᠤᠷᠪᠠᠨ ᠬᠦᠷᠳᠦᠲᠦ ᠮᠣᠲ᠋ᠣᠷ ᠲᠡᠷᠭᠡ ᠶᠢᠨ ᠲᠦᠯᠬᠢᠭᠦᠷ ᠢ ᠭᠠᠷᠳᠠᠭᠤᠯᠵᠦ᠂ ᠪᠠᠭᠠᠲᠤᠷ ᠠᠴᠠ᠂ ᠮᠠᠯᠵᠢᠬᠤ ᠣᠷᠣᠨ ᠤ ᠣᠷᠴᠢᠨ ᠲᠣᠭᠤᠷᠢᠨ ᠤ ᠴᠡᠪᠡᠷᠯᠡᠭᠡᠨ ᠤ ᠵᠢᠵᠢᠭ ᠬᠡᠯᠪᠡᠷᠢ ᠶᠢᠨ ᠮᠠᠰᠢᠨ ᠲᠥᠬᠦᠭᠡᠷᠦᠮᠵᠢ ᠶᠢ ᠲᠠᠷᠬᠠᠭᠠᠭᠰᠠᠨ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠡᠯ᠎ᠡ ᠰᠤᠮᠤ ᠪᠠᠯᠭᠠᠰᠤ ᠶᠢᠨ ᠬᠢᠨ ᠡᠨᠡᠭᠦ ᠠᠷᠠᠳ ᠤᠨ ᠰᠡᠳᠬᠢᠯ ᠤᠨ ᠢᠨᠵᠧᠨᠧᠷᠢᠩ ᠢ ᠦᠨᠡᠨᠬᠦ ᠪᠣᠳᠠᠲᠠᠢ ᠰᠠᠶᠢᠲᠤᠷ ᠡᠷᠭᠢᠯᠡᠵᠦ᠂ ᠡᠯ᠎ᠡ ᠭᠠᠴᠠᠭ᠎ᠠ ᠨᠢ ᠲᠣᠰ ᠪᠡᠶ᠎ᠡ ᠶᠢᠨ ᠪᠠᠶᠢᠭᠤᠯᠤᠯᠲᠠ ᠪᠠᠨ ᠰᠠᠶᠢᠲᠤᠷ ᠠᠳᠬᠤᠬᠤ ᠶᠢᠨ ᠬᠠᠮᠲᠤ᠂ ᠮᠠᠯᠵᠢᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠣᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠬᠢᠵᠦ᠂ ᠥᠷᠭᠡᠨ ᠣᠯᠠᠨ ᠮᠠᠯᠴᠢᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠮᠠᠯᠵᠢᠬᠤ ᠣᠷᠣᠨ ᠤ ᠬᠥᠮᠦᠰ ‍ᠤᠨ‌ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠢᠳᠡᠪᠭᠢᠯᠡᠨ ᠣᠷᠣᠯᠴᠠᠭᠤᠯᠵᠤ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤᠪᠠᠷ ᠪᠥᠲᠥᠭᠡᠨ ᠪᠠᠶᠢᠭᠤᠯᠣᠶ᠎ᠠ ᠭᠡᠵᠡᠢ᠃        ᠤᠶᠢᠯᠠᠭᠠᠭᠰᠠᠨ ᠢᠶᠠᠷ᠂ ᠲᠣᠰ ᠣᠳᠠᠭ᠎ᠠ ᠮᠠᠨ ᠤ ᠬᠤᠰᠢᠭᠤ ᠨᠢ ᠨᠡᠶᠢᠲᠡ 58 ᠲᠦᠮᠡᠨ ᠲᠥᠭᠦᠷᠢᠭ ᠤᠨ ᠦᠷᠳᠡᠭ ᠪᠦᠭᠦᠢ 35 ᠭᠤᠷᠪᠠᠨ ᠬᠦᠷᠳᠦᠲᠦ ᠮᠣᠲ᠋ᠣᠷ ᠲᠡᠷᠭᠡ ᠶᠢ ᠮᠠᠯᠵᠢᠬᠤ ᠣᠷᠣᠨ ᠳᠤ ᠲᠠᠷᠬᠠᠭᠠᠵᠦ᠂ ᠭᠠᠴᠠᠭᠠᠨ ᠤ ᠣᠷᠴᠢᠨ ᠲᠣᠭᠤᠷᠢᠨ ᠤ ᠬᠤᠭ ᠨᠣᠪᠰᠢ ᠪᠠᠨ ᠴᠡᠪᠡᠷᠯᠡᠨ ᠲᠡᠭᠡᠭᠡᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠬᠤ ᠶᠢ ᠢᠳᠡᠪᠬᠢᠲᠡᠢ ᠠᠭᠢᠭᠤᠯᠵᠠᠢ᠃ ᠭᠦᠪᠡᠭᠡᠳᠦ ᠰᠢᠷ᠎ᠠ ᠬᠤᠰᠢᠭᠤᠨ ᠤ ᠪᠣᠬᠳᠠ ᠶᠢᠨ ᠭᠤᠣᠯ ᠰᠣᠮᠣᠨ ᠤ ᠶᠠᠷᠭᠠᠶ ᠭᠠᠴᠠᠭᠠᠨ ᠤ ᠨᠠᠮ ᠤᠨ ᠡᠭᠦᠷ ᠤᠨ ᠱᠦᠵᠢ ᠴᠡᠩᠭᠡᠯᠳᠦ᠄ ︽ᠥᠨᠥᠳᠦᠷ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠮᠠᠨ ᠤ ᠬᠡᠳᠦᠨ ᠭᠠᠴᠠᠭᠠᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠨ ᠬᠦᠷᠳᠦᠲᠦ ᠮᠣᠲ᠋ᠣᠷ ᠲᠦᠭᠡᠭᠡᠨ ᠥᠭᠴᠦ᠂ ᠭᠠᠴᠠᠭᠠᠨ ᠤ ᠣᠷᠴᠢᠨ ᠲᠣᠭᠤᠷᠢᠨ ᠢ ᠬᠠᠮᠠᠭᠠᠯᠠᠬᠤ᠂ ᠴᠡᠪᠡᠷᠯᠡᠭᠡ ᠬᠢᠬᠦ ᠳᠤ ᠲᠥᠬᠦᠮ ᠦᠵᠡᠭᠦᠯᠵᠠᠢ︾ ᠭᠡᠵᠦ ᠪᠠᠶᠢᠯ᠎ᠠ᠃
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号