7 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠤᠪᠢᠰᠬᠠᠯᠳᠦ ᠬᠤᠰᠢᠭᠤ ᠨᠠᠮ | ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠴᠢᠨ ᠲᠠᠪᠤᠳᠤᠭᠠᠷ ᠤᠳᠠᠭᠠᠨ ᠤ ᠪᠠᠶᠢᠩᠭᠤ ᠶᠢᠨ | ᠭᠡᠰᠢᠬᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠰᠢᠭᠤᠨ ᠤ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠶᠢᠨ ᠬᠠᠮᠲᠤ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠪᠠ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠶᠠᠩ ᠳᠤ ᠠᠵᠢᠯ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤ ᠲᠥᠪ ᠬᠤᠷᠢᠶᠠᠨ ᠤ ᠤᠯᠤᠰ ᠲᠥᠷᠥ | ᠶᠢᠨ ᠲᠣᠪᠴᠢᠶᠠᠨ ᠤ ᠳᠥᠴᠢᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ | ᠤᠨ ᠰᠢᠯᠢ ᠶᠢᠨ ᠭᠤᠤᠯ ᠠᠶᠢᠮᠠᠭ ᠲᠤ ᠠᠵᠢᠯ ᠪᠠᠶᠢᠴᠠᠭᠠᠭᠰᠠᠨ ᠪᠠ ᠲᠠᠶᠢᠪᠤᠰᠧ ᠬᠤᠰᠢᠭᠤᠨ ᠳᠤ ᠪᠠᠶᠢᠴᠠᠭᠠᠨ | ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ | ᠳᠥᠴᠢᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠨᠢ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠢᠯᠵᠠᠷᠠᠯ ᠢ ᠡᠰᠡᠷᠭᠦᠴᠡᠬᠦ ᠲᠡᠮᠡᠴᠡᠯ ᠤᠨ ᠢᠯᠡᠳᠲᠡ ᠦᠷ᠎ᠡ ᠪᠦᠲᠦᠮᠵᠢ | ᠪᠣᠯᠤᠨ ᠴᠢᠬᠤᠯᠠ ᠲᠤᠷᠰᠢᠯᠭ᠎ᠠ ᠶᠢ ᠳ᠋ᠦᠩᠨᠡᠵᠦ᠂ ᠰᠢᠨ᠎ᠡ ᠪᠠᠶᠢᠳᠠᠯ ᠳᠣᠣᠷ᠎ᠠ ᠢᠯᠵᠠᠷᠠᠯ ᠢ ᠡᠰᠡᠷᠭᠦᠴᠡᠬᠦ ᠲᠡᠮᠡᠴᠡᠯ ᠳᠤ | ᠦᠵᠡᠯ ᠰᠠᠨᠠᠭᠠᠨ ᠤ ᠵᠢᠯᠤᠭᠤᠳᠤᠯᠭ᠎ᠠ ᠪᠣᠯᠤᠨ ᠠᠵᠢᠯᠯᠠᠭᠠᠨ ᠤ ᠵᠦᠭᠯᠡᠭᠦᠷ ᠬᠠᠩᠭᠠᠵᠠᠢ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠴᠠᠭ ᠢᠮᠠᠭᠲᠠ ᠰᠤᠯᠠᠷᠠᠭᠤᠯᠤᠯ ᠦᠭᠡᠢ | ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ | ᠢᠮᠠᠭᠲᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠦᠷᠦᠯ ᠬᠤᠪᠢᠶᠠᠨ ᠠᠯᠬᠤᠮ ᠬᠤᠪᠢᠶᠠᠨ ᠡᠯ᠎ᠡ | ᠵᠦᠢᠯ ᠤᠨ ᠠᠵᠢᠯ ᠢ ᠠᠬᠢᠭᠤᠯᠬᠤ ᠬᠡᠷᠡᠭᠲᠡᠢ᠃ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠦᠷᠢᠨᠰᠢᠭᠦᠯᠦᠨ | ᠲᠡᠬᠦᠯᠳᠡᠷᠵᠢᠬᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ | ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠶᠢ ᠪᠣᠳᠠᠲᠠᠶᠢᠵᠢᠭᠤᠯᠬᠤ᠂ ᠠᠵᠢᠯ ᠤᠨ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠩᠨᠡᠭᠡᠨ ᠤ ᠪᠠᠶᠢᠭᠤᠯᠤᠯᠲᠠ ᠭᠡᠬᠦ ᠵᠠᠩᠭᠢᠯᠠᠭ᠎ᠠ ᠶᠢᠨ ᠴᠡᠭ ᠢ | ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ | ᠶᠢᠨ ᠲᠦᠷᠦ ᠶᠢᠨ ᠪᠤᠳᠤᠯᠭ᠎ᠠ ᠶᠢᠨ ᠣᠶᠢᠯᠠᠭᠠᠯᠲᠠ ᠪᠣᠯᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠨᠠᠭᠰᠢᠳᠠ | ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠵᠦ᠂ | ᠠᠷᠠᠳ ᠤᠯᠠᠨ ᠤ ᠰᠤᠷᠭᠠᠨ ᠬᠥᠮᠦᠵᠢᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠳᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠪᠡᠭᠡᠲᠦ ᠰᠢᠷ᠎ᠠ ᠬᠤᠰᠢᠭᠤᠨ ᠤ | ᠬᠤᠷᠢᠶᠠᠨ ᠤ ᠠᠵᠢᠯ ᠤᠨ ᠲᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠪᠡᠭᠡᠲᠦ ᠰᠢᠷ᠎ᠠ | ᠬᠤᠰᠢᠭᠤᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠡᠷᠡᠭ ᠵᠥᠪᠯᠡᠬᠦ ᠰᠢᠶᠳᠪᠦᠷᠢᠲᠦ ᠪᠣᠳᠣᠯᠭ᠎ᠠ ᠲᠣᠭᠲᠠᠭᠠᠬᠤ | ᠲᠦᠷᠢᠮ︾ ᠢ ᠬᠢᠨᠠᠨ ᠵᠥᠪᠯᠡᠪᠡ᠃ |