ᠴᠠᠬᠠᠷ ᠬᠤᠨᠢ ᠲᠡᠵᠢᠭᠡᠨ ᠦᠷᠡᠵᠢᠭᠦᠯᠬᠦ ᠲᠣᠭᠤᠷᠢᠭ ᠠᠴᠠ ᠮᠧᠩ ᠶᠢᠨ ᠠᠭᠤᠷᠬᠠᠢ ᠶᠢᠨ ᠦᠢᠯᠡᠰ ᠤᠨ ᠲᠦᠷᠦᠯ | ᠵᠦᠢᠯ ᠬᠦᠷᠲᠡᠯ᠎ᠡ᠂ ᠣᠨᠴᠠ ᠥᠨᠳᠥᠷ ᠳᠠᠷᠤᠯᠲᠠᠲᠤ ᠴᠡᠪᠡᠷ ᠡᠨᠧᠷᠭᠢ ᠶᠢ ᠭᠠᠳᠠᠭᠰᠢ ᠬᠦᠷᠭᠡᠬᠦ ᠲᠦᠷᠦᠯ ᠵᠦᠢᠯ ᠠᠴᠠ | ᠮᠤᠵᠢ ᠶᠢᠨ ᠵᠠᠮ ᠤᠨ 313 ᠱᠤᠭᠤᠮ ᠤᠨ ᠰᠢᠨᠡᠪᠤᠯᠠᠭ ᠠᠴᠠ ᠮᠢᠩᠭᠠᠲᠤ ᠬᠦᠷᠬᠦ ᠲᠦᠷᠦᠯ ᠵᠦᠢᠯ ᠬᠦᠷᠲᠡᠯ᠎ᠡ ᠠᠯᠢ | ᠤᠯᠠᠨ ᠭᠤᠤᠯᠳᠠᠯᠭᠠᠲᠦ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠬᠦᠪᠡᠭᠡᠲᠦ ᠰᠢᠷ᠎ᠠ ᠬᠤᠰᠢᠭᠤᠨ ᠳᠤ | ᠬᠦᠭᠵᠢᠯᠲᠡ ᠶᠢᠨ ᠰᠢᠨ᠎ᠡ ᠠᠮᠢᠰᠬᠤᠯ ᠢ ᠠᠪᠴᠢᠷᠠᠨ᠎ᠠ᠃ ᠥᠩᠭᠡᠷᠡᠭᠰᠡᠨ ᠠᠷᠪᠠᠨ ᠵᠢᠯ ᠳᠤ᠂ ᠬᠦᠪᠡᠭᠡᠲᠦ ᠰᠢᠷ᠎ᠠ | ᠬᠤᠰᠢᠭᠤ ᠲᠦᠷᠦ ᠶᠢᠨ ᠪᠤᠳᠤᠯᠭ᠎ᠠ ᠳᠤ ᠲᠦᠰᠢᠭᠯᠡᠨ ᠠᠯᠢ ᠣᠯᠠᠨ ᠲᠤᠯᠭᠠᠭᠤᠷᠢᠯᠠᠬᠤ ᠬᠦᠴᠦᠨ ᠲᠠᠢ᠂ ᠳᠠᠶᠢᠴᠢᠯᠠᠬᠤ | ᠴᠢᠳᠠᠯ ᠢᠶᠠᠷ ᠴᠢᠩᠭ᠎ᠠ᠂ ᠦᠷ᠎ᠡ ᠠᠰᠢᠭ ᠢᠶᠠᠷ ᠦᠨᠳᠦᠷ ᠨᠢᠭᠡ ᠪᠦᠯᠦᠭ ᠰᠢᠯᠢᠳᠡᠭ ᠲᠦᠷᠦᠯ ᠵᠦᠢᠯ ᠢ ᠳᠠᠳᠠᠨ | ᠤᠷᠤᠭᠤᠯᠵᠤ᠂ ᠬᠤᠰᠢᠭᠤᠨ ᠤ ᠪᠠᠨ ᠴᠢᠨᠠᠷ ᠰᠠᠶᠢᠲᠠᠢ ᠬᠦᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠵᠡᠢ᠃ | ᠠᠷᠪᠠᠨ ᠵᠢᠯ ᠤᠨ ᠬᠤᠭᠤᠴᠠᠭᠠᠨ ᠳᠤ᠂ ᠬᠦᠪᠡᠭᠡᠲᠦ ᠰᠢᠷ᠎ᠠ ᠬᠤᠰᠢᠭᠤ ᠬᠦᠭᠵᠢᠯᠲᠡ ᠶᠢᠨ ᠠᠷᠭ᠎ᠠ ᠬᠡᠯᠪᠡᠷᠢ ᠪᠠᠨ | ᠢᠳᠡᠪᠬᠢᠲᠡᠢ ᠬᠤᠪᠢᠷᠠᠭᠤᠯᠵᠤ᠂ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ | ᠰᠠᠭᠤᠷᠢ ᠲᠠᠯᠪᠢᠬᠤ᠂ ᠠᠯᠤᠰ ᠢᠷᠡᠭᠡᠳᠦᠢ ᠳᠤ ᠠᠰᠢᠭᠲᠠᠢ᠂ ᠴᠢᠨᠠᠷ ᠰᠠᠶᠢᠲᠠᠢ᠂ ᠠᠷᠠᠳ ᠲᠤ ᠪᠤᠶᠠᠨ ᠦᠢᠯᠡᠳᠬᠦ︾ | ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠲᠠᠩ ᠭᠠᠭᠴᠠ ᠠᠭᠤᠷᠬᠠᠢ ᠶᠢᠨ ᠭᠠᠷᠤᠯᠲᠠ ᠪᠠ ᠲᠡᠵᠢᠭᠡᠨ | ᠦᠷᠡᠵᠢᠭᠦᠯᠬᠦ ᠦᠢᠯᠡᠰ ᠠᠴᠠ ᠰᠣᠶᠣᠯ ᠵᠢᠭᠤᠯᠴᠢᠯᠠᠯ ᠤᠨ ᠦᠢᠯᠡᠰ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ᠂ | ᠰᠢᠨ᠎ᠡ ᠪᠠᠷ ᠮᠠᠨᠳᠤᠭᠰᠠᠨ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ ᠢ ᠤᠶᠠᠯᠳᠤᠭᠤᠯᠤᠭᠰᠠᠨ ᠬᠥᠭᠵᠢᠯᠲᠡ ᠶᠢᠨ | ᠵᠠᠭᠪᠤᠷ ᠪᠤᠯᠭᠠᠨ ᠥᠷᠭᠡᠳᠬᠡᠵᠦ᠂ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ | ᠳᠡᠭᠡᠭᠰᠢᠯᠡᠵᠡᠢ᠃ 2021 ᠣᠨ ᠳᠤ ᠠᠰᠢᠭᠯᠠᠯᠲᠠ ᠳᠤ ᠤᠷᠣᠭᠰᠠᠨ ᠣᠨᠴᠠ ᠥᠨᠳᠥᠷ ᠳᠠᠷᠤᠯᠲᠠᠲᠤ ᠴᠡᠪᠡᠷ | ᠡᠨᠧᠷᠭᠢ ᠶᠢ ᠭᠠᠳᠠᠭᠰᠢ ᠬᠦᠷᠭᠡᠬᠦ ᠲᠦᠷᠦᠯ ᠵᠦᠢᠯ ᠪᠣᠯ ᠤᠯᠤᠰ ᠤᠨ ᠡᠨᠧᠷᠭᠢ ᠶᠢᠨ ᠪᠠᠶᠢᠯᠳᠤᠬᠤ ᠪᠤᠳᠤᠯᠭ᠎ᠠ ᠶᠢᠨ | ᠲᠥᠯᠥᠪᠵᠢᠭᠦᠯᠭᠡ ᠪᠣᠯᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠦᠨᠳᠦᠰᠦᠯᠡᠵᠦ᠂ ᠬᠥᠭᠵᠢᠯᠲᠡ ᠶᠢᠨ ᠰᠡᠳᠬᠢᠴᠡ ᠪᠣᠯᠤᠨ ᠠᠵᠤ ᠦᠢᠯᠡᠰ ᠤᠨ ᠪᠦᠲᠦᠴᠡ ᠳᠤ | ᠲᠤᠬᠢᠷᠠᠭᠤᠯᠤᠯᠳᠠ ᠬᠢᠵᠦ᠂ ᠴᠡᠪᠡᠷ ᠡᠨᠧᠷᠭᠢ ᠶᠢᠨ ᠠᠵᠤ ᠦᠢᠯᠡᠰ ᠢ ᠠᠵᠤ ᠦᠢᠯᠡᠳᠪᠦᠷᠢ ᠶᠢᠨ ᠠᠵᠤ ᠠᠬᠤᠢ ᠶᠢᠨ | ᠬᠥᠭᠵᠢᠯᠲᠡ ᠶᠢᠨ ᠲᠡᠷᠢᠭᠦᠨ ᠪᠠᠶᠢᠷᠢᠨ ᠳᠤ ᠲᠠᠯᠪᠢᠭᠰᠠᠨ ᠥᠨᠳᠥᠷ ᠳᠠᠷᠤᠯᠲᠠᠲᠤ ᠰᠠᠯᠬᠢᠨ ᠬᠦᠴᠦᠨ ᠤ ᠴᠠᠬᠢᠯᠭᠠᠨ ᠢ | ᠭᠠᠳᠠᠭᠰᠢ ᠬᠦᠷᠭᠡᠬᠦ ᠲᠦᠷᠦᠯ ᠵᠦᠢᠯ ᠪᠣᠯᠤᠨ᠎ᠠ᠃ ᠲᠥᠷᠥᠯ ᠵᠦᠢᠯ ᠤᠨ ᠠᠭᠤᠯᠭ᠎ᠠ ᠳᠤ ᠱᠧᠩ ᠱᠢ ᠰᠢᠨ ᠶᠤᠸᠠᠨ | ᠠᠵᠤ ᠠᠬᠤᠶᠢᠯᠠᠯ ᠤᠨ 12.5 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ᠂ ᠳ᠋ᠠ | ᠲᠠᠩ ᠠᠵᠤ ᠠᠬᠤᠶᠢᠯᠠᠯ ᠤᠨ 15 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ᠂ | ᠱᠧᠨ ᠨᠧᠩ ᠠᠵᠤ ᠠᠬᠤᠶᠢᠯᠠᠯ ᠤᠨ 40 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ | ᠵᠦᠢᠯ᠂ ᠰᠢᠶᠧ ᠰᠢᠠᠨ ᠠᠵᠤ ᠠᠬᠤᠶᠢᠯᠠᠯ ᠤᠨ 12.5 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠲᠥᠷᠥᠯ ᠵᠦᠢᠯ ᠪᠠᠭᠲᠠᠵᠤ᠂ ᠶᠡᠷᠦᠩᠬᠡᠶ ᠪᠡᠯᠡ ᠣᠷᠣᠭᠤᠯᠤᠯᠲᠠ ᠨᠢ 64 ᠳ᠋ᠦᠩᠰᠢᠭᠤᠷ ᠲᠥᠭᠦᠷᠢᠭ᠂ ᠪᠦᠳᠦᠭᠡᠨ | ᠪᠠᠶᠢᠭᠤᠯᠤᠯᠲᠠ ᠶᠢᠨ ᠬᠡᠪᠴᠢᠶ᠎ᠡ ᠨᠢ 80 ᠲᠦᠮᠡᠨ ᠺᠢᠯᠣᠸᠠᠲ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ | ᠬᠡᠮᠵᠢᠶ᠎ᠡ ᠨᠢ 20 ᠳ᠋ᠦᠩᠰᠢᠭᠤᠷ ᠭᠷᠠᠳᠦ᠋ᠰ ᠲᠤ ᠬᠦᠷᠴᠦ᠂ ᠦᠢᠯᠡᠳᠬᠦᠨ ᠤ ᠥᠷᠲᠡᠭ ᠨᠢ 9 ᠳ᠋ᠦᠩᠰᠢᠭᠤᠷ | ᠲᠥᠭᠦᠷᠢᠭ ᠣᠷᠴᠢᠮ ᠬᠦᠷᠬᠦ ᠪᠣᠯᠤᠨ᠎ᠠ᠃ | ᠵᠠᠮ ᠬᠠᠷᠢᠯᠴᠠᠭᠠᠨ ᠤ ︽ᠰᠤᠳᠠᠰᠤ︾ ᠪᠣᠯ ᠪᠠᠶᠠᠵᠢᠯ ᠤᠨ ︽ᠰᠤᠳᠠᠰᠤ︾ ᠪᠤᠯᠤᠨ᠎ᠠ᠃ ᠣᠶᠢᠷ᠎ᠠ ᠶᠢᠨ | ᠠᠷᠪᠠᠨ ᠵᠢᠯ ᠤᠨ ᠲᠤᠷᠰᠢ᠂ ᠬᠦᠪᠡᠭᠡᠲᠦ ᠰᠢᠷ᠎ᠠ ᠬᠤᠰᠢᠭᠤ ᠵᠠᠮ ᠬᠠᠷᠢᠯᠴᠠᠭ᠎ᠠ ᠳᠦᠭᠦᠮ ᠦᠭᠡᠢ ᠪᠠᠶᠢᠭᠰᠠᠨ ᠪᠠᠶᠢᠳᠠᠯ | ᠢᠶᠠᠨ ᠦᠭᠡᠷᠡᠴᠢᠯᠡᠵᠤ ᠣᠲᠣ ᠪᠣᠯᠬᠤ ᠳᠤ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠮᠤᠵᠢ ᠶᠢᠨ ᠵᠠᠮ᠂ | ᠲᠦᠷᠭᠡᠨ ᠤ ᠵᠠᠮ ᠪᠠ ᠠᠭᠠᠷ ᠠᠶᠠᠯᠠᠯ ᠤᠨ ᠵᠠᠮ ᠱᠤᠭᠤᠮ ᠲᠠᠢ ᠪᠣᠯᠵᠤ ᠯᠤᠲᠦ ᠶᠡᠭᠡ ᠲᠡᠤᠬᠡᠨ ᠬᠤᠪᠢᠷᠠᠯᠲᠠ ᠶᠢ | ᠪᠡᠶᠡᠯᠡᠭᠦᠯᠵᠡᠶ᠃ ᠬᠦᠪᠡᠭᠡᠲᠦ ᠰᠢᠷ᠎ᠠ ᠬᠤᠰᠢᠭᠤ ᠪᠠᠷ ᠦᠩᠭᠡᠷᠡᠭᠰᠡᠨ ᠰᠦᠨᠢᠳ ᠪᠠᠷᠠᠭᠤᠨ ᠬᠤᠰᠢᠭᠤᠨ ᠠᠴᠠ | ᠴᠢᠭᠤᠯᠤᠯᠲᠦ ᠬᠠᠭᠠᠯᠭ᠎ᠠ ᠬᠦᠷᠬᠦ ᠲᠦᠷᠭᠡᠨ ᠤ ᠵᠠᠮ᠂ ᠰᠢᠨᠡᠪᠤᠯᠠᠭ ᠠᠴᠠ ᠮᠢᠩᠭᠠᠨᠲᠤ ᠬᠦᠷᠬᠦ ᠮᠤᠵᠢ ᠶᠢᠨ ᠵᠠᠮ ᠤᠨ | 313 ᠱᠤᠭᠤᠮ ᠠᠮᠵᠢᠯᠲᠠ ᠲᠠᠢ ᠨᠡᠪᠲᠡᠷᠡᠵᠦ᠂ ᠬᠥᠪᠡᠭᠡᠲᠦ ᠰᠢᠷ᠎ᠠ ᠬᠤᠰᠢᠭᠤᠨ ᠤ ᠠᠷᠠᠳ ᠤᠯᠠᠨ ᠳᠤ ᠠᠶᠠᠯᠠᠵᠤ | ᠵᠤᠷᠴᠢᠬᠤ ᠲᠠᠭᠠᠲᠠᠢ ᠨᠦᠬᠦᠴᠡᠯ ᠬᠠᠩᠭᠠᠭᠰᠠᠨ ᠪᠠᠶᠢᠨ᠎ᠠ᠃ ᠬᠦᠪᠡᠭᠡᠲᠦ ᠰᠢᠷ᠎ᠠ ᠬᠤᠰᠢᠭᠤ ᠪᠠᠰᠠ ᠨᠡᠶᠢᠳᠡᠮ ᠤᠨ | ᠬᠡᠷᠡᠭᠯᠡᠭᠡᠨ ᠤ ᠨᠢᠰᠬᠡᠯ ᠤᠨ ᠪᠠᠭᠤᠳᠠᠯ ᠶᠢ ᠠᠰᠢᠭᠯᠠᠯᠲᠠ ᠳᠤ ᠤᠷᠤᠭᠤᠯᠵᠤ᠂ ᠰᠢᠯᠢᠩᠬᠤᠲᠠ᠂ ᠬᠦᠬᠡᠬᠤᠲᠠ᠂ ᠪᠡᠭᠡᠵᠢᠩ | ᠬᠦᠷᠬᠦ ᠠᠶᠠᠯᠠᠯ ᠤᠨ ᠱᠤᠭᠤᠮ ᠢ ᠨᠡᠪᠲᠡᠷᠡᠬᠦᠯᠦᠨ᠂ ᠬᠥᠪᠡᠭᠡᠲᠦ ᠰᠢᠷ᠎ᠠ ᠬᠤᠰᠢᠭᠤ ᠪᠣᠯᠤᠨ ᠠᠵᠤ ᠠᠬᠤᠶ ᠬᠥᠭᠵᠢᠭᠰᠡᠨ | ᠭᠠᠵᠠᠷ ᠣᠷᠣᠨ ᠯᠤᠭ᠎ᠠ ᠶᠢᠨ ᠴᠠᠭ ᠵᠠᠶ ᠶᠢ ᠪᠠᠭᠠᠰᠬᠠᠵᠤ᠂ ᠬᠤᠳᠠᠯᠳᠤᠭᠠᠨ ᠤ ᠶᠠᠪᠤᠯᠴᠠᠭ᠎ᠠ ᠳᠤ ᠳᠦᠬᠦᠮ ᠦᠵᠡᠭᠦᠯᠦᠨ | ᠂ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ ᠠᠬᠢᠭᠤᠯᠵᠤ᠂ ᠬᠦᠭᠵᠢᠯᠲᠡ ᠶᠢᠨ ᠳᠤᠲᠠᠭᠳᠠᠯ ᠢᠶᠠᠨ ᠨᠦᠬᠦᠪᠦᠷᠢᠯᠡᠵᠤ | ᠂ ᠪᠦᠭᠦ ᠬᠤᠰᠢᠭᠤᠨ ᠤ ᠭᠠᠳᠠᠭᠰᠢ ᠨᠡᠭᠡᠭᠡᠯᠲᠡ ᠬᠢᠬᠦ ᠡᠷᠴᠢᠮ ᠢᠶᠠᠨ ᠴᠢᠩᠭᠠᠷᠠᠭᠤᠯᠵᠤ᠂ ᠵᠤᠭᠠᠴᠠᠯ ᠤᠨ ᠡᠬᠢ ᠪᠠᠶᠠᠯᠢᠭ | ᠢ ᠨᠡᠭᠡᠭᠡᠨ ᠠᠰᠢᠭᠯᠠᠬᠤ ᠶᠢ ᠲᠦᠷᠭᠡᠳᠬᠡᠵᠡᠢ᠃ | ᠠᠷᠪᠠᠨ ᠵᠢᠯ ᠤᠨ ᠬᠤᠭᠤᠴᠠᠭᠠᠨ ᠳᠤ ᠬᠥᠪᠡᠭᠡᠲᠦ ᠰᠢᠷ᠎ᠠ ᠬᠤᠰᠢᠭᠤ 340 ᠭᠤᠤᠯᠳᠠᠯᠭᠠᠲᠦ ᠳᠦᠷᠦᠯ ᠵᠦᠢᠯ | ᠢ ᠳᠠᠳᠠᠨ ᠤᠷᠣᠭᠤᠯᠵᠤ᠂ 190 ᠳ᠋ᠦᠩᠰᠢᠭᠤᠷ ᠲᠥᠭᠦᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ | ᠶᠢ ᠪᠡᠶᠡᠯᠡᠬᠦᠯᠵᠠᠢ᠃ | ᠬᠥᠪᠡᠭᠡᠲᠦ ᠰᠢᠷ᠎ᠠ ᠬᠤᠰᠢᠭᠤ ᠭᠤᠤᠯᠳᠠᠯᠭᠠᠲᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠠᠪᠤᠴᠠ ᠳᠤ᠂ ᠪᠠᠶᠢᠩᠭᠤ ᠶᠢᠨ ᠴᠢᠨᠠᠷᠲᠠᠶ ᠲᠣᠬᠢᠷᠠᠭᠤᠯᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ︽ | ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠶᠢ ᠴᠢᠨᠠᠷ | ᠰᠠᠶᠢᠲᠠᠶ ᠥᠷᠨᠢᠭᠦᠯᠵᠦ᠂ ᠡᠨᠧᠷᠭᠢ ᠶᠢᠨ ᠬᠤᠷᠣᠭᠳᠠᠯ᠂ ᠭᠠᠵᠠᠷ ᠰᠢᠷᠣᠶ ᠬᠡᠷᠡᠭᠯᠡᠬᠦ᠂ ᠤᠰᠤᠨ ᠤ ᠡᠬᠢ ᠪᠠᠶᠠᠯᠢᠭ᠂ | ᠣᠷᠴᠢᠨ ᠲᠣᠭᠤᠷᠢᠨ ᠤ ᠬᠠᠮᠠᠭᠠᠯᠠᠯᠲᠠ᠂ ᠴᠠᠬᠢᠯᠭᠠᠨ ᠬᠦᠴᠦᠨ ᠵᠡᠷᠭᠡ ᠪᠠᠲᠤᠯᠠᠭ᠎ᠠ ᠶᠢᠨ ᠴᠢᠨᠠᠷᠲᠠᠶ ᠬᠦᠴᠦᠨ ᠵᠦᠢᠯ ᠢ | ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠥ᠂ ᠲᠥᠷᠥᠯ ᠵᠦᠢᠯ ᠢ ᠨᠠᠶᠢᠳᠠᠪᠤᠷᠢᠵᠢᠭᠤᠯᠤᠨ | ᠠᠰᠢᠭᠯᠠᠯᠲᠠ ᠳᠤ ᠤᠷᠤᠭᠤᠯᠤᠨ ᠦᠷ᠎ᠡ ᠪᠦᠲᠦᠮᠵᠢ ᠭᠠᠷᠭᠠᠬᠤ ᠠᠵᠢᠯ ᠢ ᠠᠬᠢᠭᠤᠯᠤᠨ᠂ ᠬᠤᠳᠠᠯᠳᠤᠭ᠎ᠠ ᠡᠷᠭᠢᠯᠡᠬᠦ | ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ ᠪᠣᠯᠭᠠᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠠᠩᠭᠠᠵᠠᠢ᠃ | ᠵᠡᠷᠭᠡᠪᠡᠷ᠂ ᠬᠥᠪᠡᠭᠡᠲᠦ ᠰᠢᠷ᠎ᠠ ᠬᠤᠰᠢᠭᠤ ᠨᠢ ᠵᠠᠰᠠᠭ ᠤᠨ ᠶᠠᠪᠤᠳᠠᠯ ᠤᠨ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ | ᠶᠠᠪᠤᠴᠠ ᠶᠢ ᠰᠢᠯᠢᠳᠡᠭᠵᠢᠭᠦᠯᠦᠨ᠂ ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠡᠢ᠃ ᠣᠲᠣ ᠪᠣᠯᠲᠠᠯ᠎ᠠ᠂ | ᠬᠥᠪᠡᠭᠡᠲᠦ ᠰᠢᠷ᠎ᠠ ᠬᠤᠰᠢᠭᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠴᠠᠭ ᠬᠤᠭᠤᠴᠠᠭ᠎ᠠ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠬᠦᠮ ᠠᠶᠤᠯ ᠲᠦᠭᠰᠢᠭᠦᠷᠢ | ᠪᠠᠭᠠᠲᠠᠶ ᠢᠨᠵᠧᠨᠧᠷᠢᠩ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ᠂ ᠠᠵᠤ ᠠᠬᠤᠶᠢᠯᠠᠯ | ᠨᠡᠭᠡᠭᠡᠨ ᠡᠷᠭᠢᠯᠡᠬᠦ ᠶᠢ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠲᠣᠰ ᠲᠣᠰ 45᠂ 5 ᠪᠠ 0.5 ᠠᠵᠢᠯᠯᠠᠬᠤ | ᠡᠳᠦᠷ ᠪᠤᠯᠲᠠᠯ᠎ᠠ ᠪᠤᠭᠤᠨᠢᠰᠬᠠᠵᠠᠢ᠃ ᠬᠤᠪᠢ ᠠᠴᠠ ᠡᠵᠡᠩᠨᠡᠭᠰᠡᠨ ᠠᠵᠤ ᠠᠬᠤᠶᠢᠯᠠᠯ ᠢ ᠡᠯᠧᠺᠲᠷᠤᠨᠴᠢᠯᠠᠨ | ᠳᠠᠩᠰᠠᠯᠠᠭᠰᠠᠨ ᠨᠤᠷᠮ᠎ᠠ 91.8% ᠳᠤ ᠬᠦᠷᠦᠭᠰᠡᠨ ᠪᠠᠶᠢᠨ᠎ᠠ᠃ | ᠤᠳᠤ᠂ ᠠᠯᠢ ᠤᠯᠠᠨ ᠭᠤᠤᠯᠳᠠᠯᠭᠠᠲᠦ ᠲᠦᠷᠦᠯ ᠵᠦᠢᠯ ᠨᠢ ᠬᠥᠭᠵᠢᠯᠲᠡ ᠶᠢᠨ ᠰᠢᠨ᠎ᠡ ᠬᠦᠰᠡᠯ ᠡᠷᠡᠮᠡᠯᠵᠡᠯ | ᠢ ᠪᠤᠢ ᠪᠤᠯᠭᠠᠵᠤ᠂ ᠬᠦᠪᠡᠭᠡᠲᠦ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠰᠢᠨ᠎ᠡ ᠬᠥᠳᠡᠯᠭᠡᠬᠦ ᠬᠦᠴᠦᠨ ᠢ ᠬᠠᠩᠭᠠᠵᠠᠢ᠃ ᠪᠦᠭᠦ ᠬᠤᠰᠢᠭᠤ ᠪᠠᠷ ᠢᠶᠠᠨ ᠦᠨᠡᠨᠬᠦ ᠴᠢᠷᠮᠠᠶᠢᠨ ᠲᠡᠮᠡᠴᠡᠬᠦ ᠡᠷᠴᠢ | ᠬᠦᠴᠦ ᠪᠠ ᠥᠭᠡᠳᠡᠯᠡᠨ ᠲᠠᠪᠰᠢᠬᠤ ᠴᠤᠴᠠᠰᠢ ᠦᠭᠡᠢ ᠵᠤᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠵᠤ ᠪᠠᠶᠢᠨ᠎ᠠ᠃ |