9 ᠰᠠᠷ᠎ᠠ ᠶᠢᠨ 5 ᠤ ᠡᠳᠦᠷ᠂ ᠬᠦᠪᠡᠬᠡᠳᠣ ᠰᠢᠷ᠎ᠡ ᠬᠤᠰᠢᠭᠤ ᠡᠯᠧᠺᠲᠷᠣᠨ ᠬᠤᠳᠠᠯᠳᠤᠭᠠᠨ ᠤ ᠠᠵᠤ ᠠᠬᠤᠶ ᠶᠢᠨ | ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠬᠤᠰᠢᠭᠤᠨ ᠤ ᠬᠡᠪᠴᠢᠶᠡᠨ ᠳᠠᠬᠢ ᠡᠯᠧᠺᠲᠷᠣᠨ | ᠬᠤᠳᠠᠯᠳᠤᠭᠠᠨ ᠤ ᠴᠢᠳᠠᠪᠤᠷᠢᠲᠠᠨ ᠤ ᠮᠡᠷᠭᠡᠵᠢᠯ ᠴᠢᠳᠠᠪᠣᠷᠢ ᠪᠠ ᠦᠶᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ ᠣᠬᠤᠷ ᠲᠦᠷᠰᠣ ᠰᠢᠩᠬᠡᠬᠡᠯᠳᠠ ᠰᠢᠭᠤᠳ ᠨᠡᠪᠳᠡᠷᠡᠬᠦᠯᠬᠡ ᠶᠢᠨ ᠲᠣᠰᠬᠠᠢ ᠰᠡᠳᠣᠪᠳᠣ | ᠪᠣᠯᠪᠠᠰᠤᠷᠠᠯ ᠤᠨ ᠠᠩᠭᠢ ᠶᠢ ᠡᠷᠬᠢᠯᠡᠵᠦ᠂ ᠪᠣᠯᠪᠠᠰᠣᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠣᠬᠳᠠᠬᠤ ᠪᠠᠷ | ᠪᠠᠶᠢᠨ᠎ᠠ᠃ | ᠪᠤᠯᠪᠠᠰᠤᠷᠠᠯ ᠳᠤ᠂ ᠤᠯᠤᠰ ᠤᠨ T1 ᠲᠠᠰ ᠤᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠯᠧᠺᠲ᠋ᠣᠷ ᠰᠢᠤᠸᠠᠢ ᠠ ᠯᠢ ᠶᠢ ᠤᠷᠢᠵᠤ ᠤᠯᠠᠮᠵᠢᠯᠠᠯᠲᠤ ᠡᠯᠧᠺᠲᠷᠣᠨ ᠬᠤᠳᠠᠯᠳᠤᠭ᠎ᠠ ᠪᠠ ᠰᠢᠭᠤᠳ | ᠨᠡᠪᠳᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠢᠯᠭᠠᠭ᠎ᠠ᠂ ᠣᠯᠠᠨ ᠲᠠᠪᠴᠠᠩ ᠢᠶᠠᠷ ᠣᠬᠤᠷ ᠲᠦᠷᠰᠣ | ᠰᠢᠩᠬᠡᠬᠡᠯᠳᠠ ᠳᠠᠮᠵᠢᠭᠤᠯᠤᠨ ᠲᠠᠷᠬᠠᠭᠠᠬᠤ᠂ ᠦᠷᠭᠦᠯᠵᠢ ᠬᠡᠷᠡᠭᠯᠡᠳᠡᠭ ᠣᠬᠤᠷ ᠲᠦᠷᠰᠣ ᠰᠢᠩᠬᠡᠬᠡᠯᠳᠠ ᠶᠢ ᠦᠶᠯᠡᠳᠬᠦ | ᠵᠥᠭᠡᠯᠡᠨ ᠲᠣᠨᠤᠭ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠣᠮᠵᠢ ᠭᠢᠯᠭᠡᠭᠦ ᠪᠣᠯᠣᠨ᠎ᠠ᠃ | ᠲᠣᠰ ᠤᠳᠠᠭᠠᠨ ᠤ ᠪᠣᠯᠪᠠᠰᠣᠷᠠᠯ ᠳᠤ ᠬᠤᠰᠢᠭᠤᠨ ᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ | ᠦᠶᠯᠡᠴᠢᠯᠡᠭᠡᠨ ᠤ ᠲᠥᠪ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ᠂ ᠮᠠᠯᠵᠢᠬᠤ ᠣᠷᠣᠨ ᠤ ᠪᠠᠶᠠᠵᠢᠯ ᠤᠨ | ᠳᠠᠭᠠᠭᠤᠯᠤᠭᠴᠢ᠂ ᠨᠤᠲᠤᠭ ᠲᠠᠭᠠᠨ ᠪᠤᠴᠠᠵᠤ ᠦᠶᠯᠡᠰ ᠴᠣᠭᠴᠠᠯᠠᠭᠰᠠᠨ ᠣᠶᠤᠲᠠᠨ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠠᠷᠢᠭᠤᠴᠠᠯᠠᠭᠠᠳᠠᠨ ᠵᠡᠷᠭᠡ | 20 ᠭᠠᠷᠤᠶ ᠬᠥᠮᠦᠨ ᠣᠷᠣᠯᠴᠠᠵᠦ᠂ ᠪᠣᠯᠪᠠᠰᠣᠷᠠᠯ ᠳᠤ ᠣᠷᠣᠯᠴᠠᠬᠰᠠᠳ ᠲᠤ ᠡᠯᠧᠺᠲᠷᠣᠨ ᠬᠤᠳᠠᠯᠳᠤᠭᠠᠨ ᠤ ᠲᠣᠬᠠᠢ | ᠮᠡᠳᠡᠯᠭᠡ ᠮᠡᠳᠡᠴᠡ ᠪᠠᠨ ᠳᠡᠭᠡᠭᠰᠢᠯᠡᠭᠦᠯᠭᠦ ᠳᠤ ᠣᠭᠢ ᠰᠠᠶᠢᠨ ᠲᠠᠪᠴᠠᠩ ᠬᠠᠨᠭ᠍ᠭᠠᠵᠠᠢ᠃ | ᠣᠷᠣᠯᠴᠠᠬᠴᠢ ᠰᠢᠯᠢᠩᠭᠤᠸ᠎ᠠ᠄ ︽ᠪᠢ ᠡᠨᠡ ᠣᠳᠠᠭᠠᠨ ᠤ ᠪᠣᠯᠪᠠᠰᠣᠷᠠᠯ ᠳᠤ ᠣᠷᠣᠯᠴᠠᠭᠠᠳ ᠠᠷᠠᠯᠵᠢᠶ᠎ᠠ | ᠬᠤᠳᠠᠯᠳᠣᠭᠠᠨ ᠤ ᠶᠠᠪᠣᠳᠠᠯ ᠪᠠ ᠰᠢᠭᠤᠳ ᠨᠡᠪᠳᠡᠷᠡᠬᠦᠯᠬᠡ ᠶᠢᠨ ᠲᠣᠬᠠᠢ ᠣᠣᠯ ᠤᠨ ᠣᠶᠢᠯᠠᠭᠠᠯᠳᠠ ᠨᠢᠮᠬᠡᠨ ᠪᠠᠶᠢᠬᠰᠠᠨ | ᠠᠴᠠ ᠪᠠᠨ ᠣᠯᠠᠮ ᠶᠡᠭᠡ ᠬᠦᠨᠵᠡᠬᠡᠢ ᠪᠣᠯᠣᠬᠰᠠᠨ︔ ᠬᠤᠵᠢᠮ ᠡᠶᠢᠮᠣᠷᠬᠦᠦ ᠲᠠᠯ᠎ᠠ ᠪᠠᠷ ᠦᠢᠯᠡᠰ ᠪᠣᠰᠬᠠᠬᠤ ᠳᠤ ᠡᠶᠢᠮᠣ | ᠪᠣᠯᠪᠠᠰᠣᠷᠠᠯ ᠪᠢᠳᠠᠨ ᠳᠤ ᠶᠡᠭᠡ ᠴᠢᠬᠤᠯᠠ ᠦᠢᠯᠡᠳᠣᠯ ᠦᠵᠡᠬᠦᠯᠬᠦ ᠨᠢ ᠯᠡᠪᠲᠠᠢ︾ ᠭᠡᠵᠦ ᠪᠠᠶᠢᠯ᠎ᠠ᠃ |