ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠂ ᠴᠢᠨᠠᠷ | ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ | ᠲᠡᠷᠢᠭᠦᠨ ᠴᠢᠬᠤᠯᠠ ᠡᠭᠦᠷᠭᠡ ᠮᠥᠨ ᠃ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ | ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠢᠮᠠᠭᠲᠠ ᠰᠢᠨ᠎ᠡ ᠶᠢ ᠡᠭᠦᠳᠭᠦ ᠂ ᠵᠣᠬᠢᠴᠠᠩᠭᠤᠢ ᠂ ᠪᠣᠬᠢᠷᠳᠤᠯ | ᠦᠭᠡᠢ ᠂ ᠨᠡᠭᠡᠭᠡᠯᠲᠡᠲᠤ ᠂ ᠬᠠᠮᠲᠤ ᠪᠠᠷ ᠡᠳ᠋ᠯᠡᠭᠦ ᠳᠣᠲᠣᠭᠠᠳᠤ ᠨᠢᠭᠡᠳᠦᠯ ᠢᠶᠠᠷ ᠬᠥᠭᠵᠢᠯᠲᠡ ᠶᠢ ᠡᠵᠡᠮᠳᠡᠵᠦ ᠂ ᠬᠥᠭᠵᠢᠯᠲᠡ ᠶᠢ | ᠬᠡᠮᠵᠢᠵᠦ ᠂ ᠬᠥᠭᠵᠢᠯᠲᠡ ᠶᠢ ᠠᠬᠢᠭᠤᠯᠬᠤ ᠭᠡᠷᠡᠭᠲᠡᠢ ︔ ᠡᠷᠬᠡᠪᠰᠢ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠭᠦ ᠪᠠ | ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠶᠠᠰᠤ ᠴᠢᠨᠠᠷ ᠢ | ᠲᠡᠷᠢᠭᠦᠨ ᠳᠤ ᠲᠠᠯᠪᠢᠬᠤ ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠢᠮᠠᠭᠲᠠ ᠪᠠᠷᠢᠮᠲᠠᠯᠠᠵᠤ ᠂ ᠶᠠᠰᠤ ᠴᠢᠨᠠᠷ ᠤᠨ | ᠤᠬᠠᠮᠰᠠᠷ ᠢᠶᠠᠨ ᠶᠡᠭᠡ ᠪᠠᠷ ᠴᠢᠩᠭᠠᠳᠬᠠᠵᠤ ᠂ ᠶᠠᠰᠤ ᠴᠢᠨᠠᠷ ᠢ ᠠᠮᠢ ᠨᠠᠰᠤ ᠪᠣᠯᠭᠠᠨ ᠦᠵᠡᠵᠦ ᠂ ᠴᠢᠨᠠᠷ ᠰᠠᠶᠢᠲᠠᠢ ᠪᠠᠶᠢᠬᠤ ᠪᠠᠷ | ᠬᠥᠭᠡᠭᠡᠴᠡᠯᠳᠦᠯ ᠪᠤᠯᠭᠠᠬᠤ ᠭᠡᠷᠡᠭᠲᠡᠶ ︔ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ | ᠭᠦᠨᠵᠡᠭᠡᠶᠢᠷᠡᠭᠦᠯᠵᠦ ᠂ ᠬᠥᠭᠵᠢᠯᠲᠡ ᠶᠢᠨ ᠠᠷᠭ᠎ᠠ ᠭᠡᠯᠪᠡᠷᠢ ᠶᠢ ᠭᠦᠨᠵᠡᠭᠡᠢ ᠬᠤᠪᠢᠷᠠᠭᠤᠯᠵᠤ ᠂ ᠦᠷ᠎ᠡ ᠠᠰᠢᠭ ᠤᠨ | ᠬᠤᠪᠢᠰᠤᠯᠲᠠ ᠂ ᠬᠥᠳᠡᠯᠭᠡᠭᠦ ᠬᠦᠴᠦᠨ ᠤ ᠬᠤᠪᠢᠰᠤᠯᠲᠠ ᠪᠠᠷ ᠶᠠᠰᠤ ᠴᠢᠨᠠᠷ ᠤᠨ ᠬᠤᠪᠢᠰᠤᠯᠲᠠ ᠶᠢ ᠠᠬᠢᠭᠤᠯᠵᠤ ᠂ | ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠪᠦᠷᠢᠯᠳᠦᠭᠦᠯᠬᠦ ᠭᠡᠷᠡᠭᠲᠡᠶ ︔ | ᠡᠷᠬᠡᠪᠰᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠵᠣᠷᠢᠯᠲᠠ ᠪᠠ ᠲᠤᠰᠤᠯᠲᠠ ᠪᠤᠯᠭᠠᠵᠤ ᠂ ᠬᠥᠭᠵᠢᠯᠲᠡ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ | ᠠᠮᠢᠳᠤᠷᠠᠯ ᠤᠨ ᠴᠢᠨᠠᠷ ᠴᠢᠨᠰᠠᠭ᠎ᠠ ᠪᠣᠯᠭᠠᠨ ᠬᠤᠪᠢᠷᠠᠭᠤᠯᠵᠤ ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠂ ᠵᠢᠷᠭᠠᠯᠲᠤ | ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠳᠤ ᠬᠦᠷᠴᠦ ᠢᠷᠡᠬᠦ ᠳᠤ ᠲᠤᠬᠠᠢ ᠶᠢᠨ ᠲᠠᠯᠠᠪᠠᠢ ᠳᠤ | ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ ᠃ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ ᠂ ᠭᠦᠷ ᠬᠥᠭᠵᠢᠶᠡᠨ ᠢᠶᠠᠷ | ᠪᠢᠯᠬᠠᠵᠤ ᠪᠠᠶᠢᠯ᠎ᠠ ᠃ ᠰᠢᠦᠢ ᠺᠦᠨ ᠯᠢᠨ ᠂ ᠯᠢᠦ ᠴᠢᠩ ᠂ ᠱᠠᠨ ᠽᠧᠩ ᠬᠠᠢ ᠂ ᠸᠧᠢ ᠴᠢᠶᠣᠤ ᠂ ᠵᠠᠩ ᠳ᠋ᠠ ᠳ᠋ᠦᠩ ᠂ ᠦ᠋ ᠴᠢᠩ | ᠸᠧᠨ ᠵᠡᠷᠭᠡ 6 ᠲᠥᠯᠥᠭᠡᠯᠡᠭᠴᠢ ᠲᠤᠰ ᠲᠤᠰ ᠪᠦᠭᠦ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ | ᠦᠢᠯᠡᠴᠢᠯᠡᠬᠦ ᠂ ᠣᠷᠣᠨ ᠪᠦᠰᠡ ᠶᠢᠨ ᠬᠠᠮᠵᠢᠯᠴᠠᠨ ᠰᠢᠨ᠎ᠡ ᠶᠢ ᠡᠭᠦᠳᠭᠦ ᠶᠢ ᠶᠡᠭᠡ ᠪᠠᠷ ᠠᠬᠢᠭᠤᠯᠬᠤ ᠂ ᠡᠷᠡᠰ ᠭᠤᠶᠢᠪᠢᠰᠢ | ᠦᠭᠡᠢ ᠪᠠᠷ ᠦᠢᠯᠡᠳᠭᠦ ᠦᠢᠯᠡᠰ ᠤᠨ ᠨᠣᠶᠠᠨ ᠤᠷᠭᠢᠯ ᠳᠤ ᠠᠪᠠᠷᠢᠬᠤ ᠂ ᠰᠢᠨ᠎ᠡ ᠴᠠᠭ ᠦᠶ᠎ᠡ ᠶᠢᠨ ︽ ᠰᠢᠨ᠎ᠡ ᠲᠠᠷᠢᠶᠠᠴᠢᠨ ︾ | ᠪᠤᠯᠬᠤ ᠂ ᠨᠠᠮ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠳᠠᠭᠠᠭᠤᠯᠤᠭᠴᠢ ᠪᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠦᠭᠡ ᠬᠡᠯᠡᠪᠡ ᠃ ᠰᠢ | ᠶᠢᠨ ᠫᠢᠩ ᠪᠠᠶᠢᠨ ᠲᠠᠭᠢᠨ ᠳᠤᠮᠳᠠ ᠨᠢ ᠦᠭᠡ ᠬᠡᠯᠡᠵᠦ ᠂ ᠤᠯᠠᠨ ᠲᠠᠢ ᠪᠤᠳᠤᠯ ᠰᠠᠨᠠᠯ ᠢᠶᠠᠨ ᠰᠣᠯᠢᠯᠴᠠᠪᠠ ᠃ | ᠣᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ ᠃ ᠲᠡᠷᠡ ᠡᠩ | ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ ᠂ ᠵᠢᠶᠠᠩᠰᠤ ᠶᠢᠨ | ᠲᠠᠪᠤᠨ ᠵᠢᠯ ᠤᠨ ᠲᠤᠷᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠵᠡᠷᠭᠡ ᠡᠯ᠎ᠡ | ᠲᠠᠯ᠎ᠠ ᠶᠢᠨ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ ᠂ ᠵᠢᠶᠠᠩᠰᠤ ᠶᠢᠨ ᠬᠢᠨ ᠦᠷᠭᠦᠯᠵᠢᠯᠡᠨ ᠦᠨᠡᠨ ᠬᠦ | ᠠᠳᠬᠤᠨ ᠪᠣᠳᠠᠲᠠᠢ ᠠᠵᠢᠯᠯᠠᠵᠤ ᠂ ᠡᠷᠡᠮᠡᠬᠡᠶᠢᠯᠡᠨ ᠤᠷᠤᠭᠰᠢᠯᠠᠵᠤ ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ | ᠦᠷᠭᠦᠯᠵᠢᠯᠡᠨ ᠡᠮᠦᠨ᠎ᠡ ᠡᠩᠨᠡᠭᠡᠨ ᠳᠤ ᠬᠤᠰᠢᠭᠤᠷᠠᠵᠤ ᠂ ︽ ᠠᠵᠤ ᠠᠬᠤᠢ ᠬᠦᠴᠦᠷᠬᠡᠭ ᠠᠷᠠᠳ ᠲᠦᠮᠡᠨ ᠪᠠᠶᠠᠨ ᠴᠢᠨᠡᠭᠡᠯᠢᠭ | ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠥᠨᠳᠥᠷ ︾ ᠰᠢᠨ᠎ᠡ ᠵᠢᠶᠠᠩᠰᠤ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠠᠶᠢᠨ ᠰᠠᠶᠢᠬᠠᠨ | ᠡᠭᠢᠯᠡᠯᠲᠡ ᠶᠢ ᠪᠡᠶᠡᠯᠡᠭᠦᠯᠵᠦ ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ | ᠬᠦᠰᠡᠪᠡ ᠃ | ᠰᠢ ᠶᠢᠨ ᠫᠢᠩ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠵᠠᠶᠢᠯᠠᠰᠢ ᠦᠭᠡᠢ ᠵᠠᠮ ᠮᠥᠨ ᠃ ᠤᠯᠠᠨ ᠤᠯᠤᠰ ᠤᠨ ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ ᠂ ᠪᠢᠳᠡ | ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ ᠂ ᠬᠥᠭᠵᠢᠯᠲᠡ ᠶᠢᠨ ᠰᠢᠨ᠎ᠡ | ᠬᠥᠳᠡᠯᠭᠡᠭᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠳᠤ ᠦᠨᠳᠦᠰᠦᠨ ᠠᠴᠠ ᠨᠢ ᠠᠪᠴᠤ ᠬᠡᠯᠡᠪᠡᠯ ᠮᠥᠨ ᠯᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠳᠤ ᠲᠦᠰᠢᠭᠯᠡᠬᠦ ᠬᠡᠷᠡᠭᠲᠡᠢ ᠃ ᠪᠢᠳᠡ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠴᠢᠳᠠᠬᠤ | ᠡᠰᠡᠬᠦ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠳᠤ ᠪᠠᠶᠢᠨ᠎ᠠ ᠃ ︽ ᠳᠥᠷᠪᠡ ᠳᠤ ᠬᠠᠨᠳᠤᠭᠤᠯᠬᠤ ︾ ᠶᠢ ᠪᠠᠷᠢᠮᠲᠠᠯᠠᠵᠤ ᠂ ᠰᠢᠨ᠎ᠡ ᠶᠢ ᠡᠭᠦᠳᠭᠦ ᠪᠠᠷ | ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ ᠂ ᠦᠢᠯᠡᠳᠪᠦᠷᠢᠯᠡᠯ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ ᠂ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠠᠪᠴᠠᠩ ᠤᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ ᠂ ᠣᠷᠣᠶᠢᠯᠠᠭᠰᠠᠨ ᠰᠢᠨᠵᠢᠯᠡᠬᠦ ᠤᠬᠠᠭᠠᠨᠲᠠᠨ ᠲᠦᠷᠦᠭᠦᠯᠡᠨ ᠠᠩᠬᠠᠨ ᠤ ᠡᠭᠦᠳᠦᠯᠲᠡ ᠶᠢᠨ ᠴᠢᠨᠠᠷᠲᠠᠢ ᠂ | ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠳᠡᠮᠵᠢᠵᠦ ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠂ ᠵᠠᠩᠭᠢᠯᠠᠭ᠎ᠠ ᠶᠢᠨ ᠭᠤᠭᠴᠤᠭ᠎ᠠ ᠳᠤ ᠪᠡᠶ᠎ᠡ ᠪᠠᠨ ᠳᠠᠭᠠᠭᠠᠵᠤ ᠡᠵᠡᠮᠳᠡᠵᠦ ᠲᠡᠶᠢᠯᠭᠦ ᠶᠢ ᠪᠡᠶᠡᠯᠡᠭᠦᠯᠬᠦ ᠬᠡᠷᠡᠭᠲᠡᠢ ᠃ | ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ ᠂ ᠰᠢᠨ᠎ᠡ ᠶᠢ ᠡᠭᠦᠳᠭᠦ ᠬᠡᠯᠬᠢᠶ᠎ᠡ ᠠᠵᠤ | ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠪᠣᠶᠢᠵᠢᠬᠤ ᠶᠢ ᠠᠬᠢᠭᠤᠯᠵᠤ ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠬᠦᠴᠦᠯᠡᠨ ᠪᠠᠶᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠨ᠎ᠡ ᠶᠢ ᠡᠭᠦᠳᠭᠦ ᠰᠣᠶᠣᠯ ᠢ ᠶᠡᠭᠡ ᠪᠠᠷ | ᠪᠣᠶᠢᠵᠢᠭᠤᠯᠤᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ ᠪᠠ ᠤᠷᠮᠠᠰᠢᠭᠤᠯᠬᠤ | ᠲᠣᠭᠲᠠᠴᠠ ᠶᠢ ᠪᠦᠷᠢᠨᠰᠢᠭᠦᠯᠵᠦ ᠂ ᠰᠢᠨ᠎ᠡ ᠶᠢ ᠡᠭᠦᠳᠭᠦ ᠴᠢᠳᠠᠪᠤᠷᠢᠲᠠᠨ ᠤ ᠴᠣᠯᠭᠤᠷᠠᠨ ᠭᠠᠷᠬᠤ ᠂ ᠠᠪᠢᠶᠠᠰ ᠴᠢᠳᠠᠪᠤᠷᠢ ᠪᠠᠨ | ᠭᠦᠢᠴᠡᠳ ᠪᠠᠳᠠᠷᠠᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ ᠭᠡᠵᠦ ᠵᠢᠭᠠᠵᠤ | ᠭᠠᠷᠭᠠᠵᠠᠢ ᠃ | ᠰᠢ ᠶᠢᠨ ᠫᠢᠩ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠮᠥᠨ ᠃ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ | ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ | ᠭᠦᠨᠵᠡᠭᠡᠢ ᠠᠬᠢᠭᠤᠯᠵᠤ ᠂ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ | ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ ᠂ ᠦᠢᠯᠡᠳᠭᠦ ᠦᠢᠯᠡᠰ ᠤᠨ ᠳᠡᠭᠡᠳᠦ ᠲᠡᠰᠵᠢᠯᠳᠡ ᠂ | ᠣᠶᠤᠨᠴᠢᠯᠠᠯᠲᠠ ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ ᠂ ᠦᠢᠯᠡᠳᠭᠦ ᠦᠢᠯᠡᠰ ᠤᠨ ᠬᠦᠴᠦᠷᠬᠡᠭ ᠮᠤᠵᠢ ᠶᠢ | ᠲᠦᠷᠭᠡᠳᠬᠡᠨ ᠪᠠᠶᠢᠭᠤᠯᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ | ᠬᠥᠭᠵᠢᠭᠦᠯᠵᠦ ᠂ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠬᠦ ᠬᠡᠷᠡᠭᠲᠡᠢ ᠃ ᠥᠨᠳᠥᠷ ᠲᠦᠪᠰᠢᠨ ᠪᠦᠬᠦᠢ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ ᠂ ᠭᠤᠣᠯᠳᠠᠯᠭ᠎ᠠ ᠲᠠᠢ ᠬᠦᠷᠢᠶᠡᠨ ᠳᠠᠬᠢ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠪᠣᠯᠣᠨ | ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ ᠂ ᠳᠦᠷᠢᠮ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | | ᠰᠢ ᠶᠢᠨ ᠫᠢᠩ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠤᠨ ᠦᠨᠳᠦᠰᠦ ᠰᠠᠭᠤᠷᠢ ᠮᠥᠨ ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠬᠤ ᠪᠣᠯ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠲᠠᠷᠢᠶᠠᠨ ᠭᠠᠵᠠᠷ ᠤᠨ | ᠤᠯᠠᠭᠠᠨ ᠱᠤᠭᠤᠮ ᠢ ᠴᠢᠩᠭ᠎ᠠ ᠰᠠᠬᠢᠵᠤ ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠠᠮᠤ ᠪᠤᠳᠠᠭ᠎ᠠ ᠪᠣᠯᠣᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ ᠃ | ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ | ᠢᠳᠡᠪᠬᠢᠲᠡᠢ ᠪᠠᠷ ᠤᠷᠲᠤᠳᠬᠠᠨ ᠥᠷᠭᠡᠳᠬᠡᠵᠦ ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ | ᠭᠡᠯᠪᠡᠷᠢ ᠶᠢ ᠪᠣᠶᠢᠵᠢᠭᠤᠯᠤᠨ ᠬᠥᠭᠵᠢᠭᠦᠯᠵᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ | ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ ᠃ ᠪᠠᠯᠭᠠᠰᠤ ᠲᠣᠰᠬᠤᠨ ᠤ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ | ᠰᠢᠯᠢᠳᠡᠭᠵᠢᠭᠦᠯᠵᠦ ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ ᠂ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ | ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠡᠶ᠎ᠡ | ᠵᠣᠬᠢᠴᠠᠩᠭᠤᠢ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ | ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠵᠦ ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠂ ᠰᠢᠨ᠎ᠡ | ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ ᠂ | ᠬᠥᠳᠡᠭᠡ ᠲᠣᠰᠬᠤᠨ ᠤ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠬᠥᠭᠵᠢᠯᠲᠡ ᠳᠤ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠠᠮᠢᠳᠤᠷᠠᠬᠤ ᠪᠣᠯ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠡᠴᠦᠰ ᠤᠨ ᠬᠠᠷᠠᠯᠲᠠ ᠮᠥᠨ ᠃ ᠦᠨᠳᠦᠰᠦᠨ ᠱᠠᠲᠤᠨ ᠤ ᠵᠠᠰᠠᠯᠲᠠ ᠪᠣᠯᠣᠨ ᠠᠷᠠᠳ ᠤᠨ | ᠠᠮᠢᠳᠤᠷᠠᠯ ᠤᠨ ᠪᠠᠲᠤᠯᠠᠭ᠎ᠠ ᠨᠢ ᠠᠷᠠᠳ ᠤᠯᠠᠨ ᠤ ᠦᠨᠳᠦᠰᠦᠨ ᠠᠰᠢᠭ ᠲᠤᠰᠠ ᠲᠠᠢ ᠬᠤᠯᠪᠣᠭᠳᠠᠵᠤ ᠂ ᠬᠠᠮᠲᠤ ᠪᠠᠷ | ᠪᠠᠶᠠᠵᠢᠬᠤ ᠶᠢ ᠠᠬᠢᠭᠤᠯᠬᠤ ᠂ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠰᠠᠭᠤᠷᠢᠯᠠᠬᠤ ᠴᠢᠨᠠᠷᠲᠠᠢ ᠢᠨᠵᠧᠨᠧᠷᠢᠩ ᠪᠣᠯᠣᠨ᠎ᠠ ᠂ | ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ ᠰᠡᠳᠬᠢᠯ ᠳᠡᠭᠡᠨ ᠪᠠᠲᠤ ᠴᠡᠭᠡᠵᠢᠯᠡᠵᠦ ᠂ ᠴᠠᠭ | ᠢᠮᠠᠭᠲᠠ ᠠᠳᠬᠤᠵᠤ ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠃ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠤᠯᠠᠨ ᠲᠦᠮᠡᠨ ᠤ | ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠭᠦᠯᠵᠦ ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠵᠤ ᠂ ᠲᠣᠣᠷᠵᠢᠭᠤᠯᠤᠬᠰᠠᠨ ᠬᠠᠮᠢᠶᠠᠷᠤᠯᠲᠠ ᠂ ᠨᠠᠷᠢᠯᠢᠭᠵᠢᠭᠤᠯᠤᠭᠰᠠᠨ ᠦᠢᠯᠡᠴᠢᠯᠡᠭᠡ ᠂ ᠮᠡᠳᠡᠭᠡ | ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ ᠂ ᠬᠤᠳᠠ | ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ ᠂ ᠠᠷᠠᠳ ᠤᠯᠠᠨ ᠳᠤ ᠭᠡᠷ ᠤᠨ ᠡᠭᠦᠳᠡᠨ | ᠳᠡᠭᠡᠷᠡᠬᠢ ᠰᠢᠯᠢᠳᠡᠭ ᠦᠢᠯᠡᠴᠢᠯᠡᠭᠡ ᠪᠠ ᠨᠠᠷᠢᠯᠢᠭ ᠬᠠᠮᠢᠶᠠᠷᠤᠯᠲᠠ ᠶᠢ ᠬᠠᠩᠭᠠᠬᠤ ᠬᠡᠷᠡᠭᠲᠡᠢ ᠃ ᠰᠢᠨ᠎ᠡ ᠴᠠᠭ ᠦᠶ᠎ᠡ ᠶᠢᠨ | ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ ᠂ ᠰᠢᠨ᠎ᠡ ᠪᠠᠶᠢᠳᠠᠯ ᠳᠣᠣᠷᠠᠬᠢ ᠠᠷᠠᠳ ᠤᠨ | ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ ᠂ ᠵᠥᠷᠢᠴᠡᠯ | ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤᠨᠢ ᠰᠢᠢᠳᠪᠦᠷᠢᠯᠡᠵᠦ ᠂ ᠴᠤᠬᠤᠶᠢᠵᠤ ᠪᠠᠶᠢᠭ᠎ᠠ ᠦᠶ᠎ᠡ ᠳᠤᠨᠢ | ᠰᠢᠢᠳᠪᠦᠷᠢᠯᠡᠬᠦ ᠬᠡᠷᠡᠭᠲᠡᠢ ᠃ ᠠᠷᠠᠳ ᠤᠯᠠᠨ ᠤ ᠪᠠᠴᠢᠮᠳᠠᠵᠤ ᠂ ᠬᠦᠴᠢᠷᠳᠡᠵᠦ ᠂ ᠵᠣᠪᠠᠨᠢᠵᠤ ᠂ ᠬᠦᠰᠡᠵᠦ ᠪᠠᠶᠢᠭ᠎ᠠ | ᠠᠰᠠᠭᠤᠳᠠᠯ ᠢ ᠴᠢᠩᠭ᠎ᠠ ᠠᠳᠬᠤᠵᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠶᠢ ᠠᠪᠴᠤ ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠵᠤ ᠬᠠᠪᠰᠤᠷᠤᠨ ᠲᠡᠳᠭᠦᠭᠦ ᠂ | ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ ᠂ ︽ | ᠨᠠᠰᠤᠲᠠᠶᠢᠴᠤᠳ ᠪᠠᠭᠠᠴᠤᠳ ︾ ᠤᠨ ᠦᠢᠯᠡᠴᠢᠯᠡᠭᠡ ᠶᠢ ᠴᠢᠩᠭᠠᠳᠬᠠᠬᠤ ᠵᠡᠷᠭᠡ ᠠᠵᠢᠯ ᠢ ᠬᠦᠴᠦᠯᠡᠨ ᠰᠠᠶᠢᠲᠤᠷ ᠬᠢᠬᠦ | ᠬᠡᠷᠡᠭᠲᠡᠢ ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠠᠳᠬᠤᠨ | ᠨᠠᠷᠢᠯᠢᠭ ᠠᠳᠬᠤᠵᠤ ᠂ ︽ ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ ︾ ᠶᠢᠨ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠂ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ | ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ | ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠦᠨᠡᠨ ᠬᠦ ᠴᠢᠩᠭᠠᠳᠬᠠᠵᠤ ᠂ ᠬᠤᠭᠤᠴᠠᠭ᠎ᠠ | ᠰᠣᠯᠢᠭᠰᠠᠨ ᠤ ᠳᠠᠷᠠᠭᠠᠬᠢ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ ᠂ ᠡᠯ᠎ᠡ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠂ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠬᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠵᠢᠯᠣᠭᠤᠳᠤᠯᠭ᠎ᠠ | ᠪᠣᠯᠣᠨ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠼᠠᠢ ᠴᠢ ᠂ ᠳ᠋ᠢᠩ ᠰᠢᠤᠸᠠᠢ ᠰᠢᠶᠠᠩ ᠂ ᠾᠧ ᠯᠢ ᠹᠧᠩ ᠨᠠᠷ ᠣᠷᠣᠯᠴᠠᠪᠠ ᠃ | |